ᠳᠣᠲᠣᠭᠠᠳᠤ ᠶᠢᠨ ᠨᠡᠶᠢᠲᠡ ᠪᠦᠲᠦᠭᠡᠭᠳᠡᠬᠦᠨ 3.8 ᠬᠤᠪᠢ ᠪᠠᠷ ᠪᠠᠭᠠᠰᠪᠠ | News.MN

ᠳᠣᠲᠣᠭᠠᠳᠤ ᠶᠢᠨ ᠨᠡᠶᠢᠲᠡ ᠪᠦᠲᠦᠭᠡᠭᠳᠡᠬᠦᠨ 3.8 ᠬᠤᠪᠢ ᠪᠠᠷ ᠪᠠᠭᠠᠰᠪᠠ

ᠳᠣᠲᠣᠭᠠᠳᠤ ᠶᠢᠨ ᠨᠡᠶᠢᠲᠡ ᠪᠦᠲᠦᠭᠡᠭᠳᠡᠬᠦᠨ︵ᠦᠢᠯᠡᠳᠪᠦᠷᠢᠯᠡᠯ ᠤᠨ ᠠᠷᠭ᠎ᠠ ᠪᠠᠷ ᠲᠣᠭᠠᠴᠠᠭᠰᠠᠨ︶2022 ᠣᠨ ᠤ ᠡᠬᠢᠨ ᠤ ᠤᠯᠠᠷᠢᠯ ᠳᠤ ᠤᠷᠢᠳᠴᠢᠯᠠᠭᠰᠠᠨ ᠭᠦᠢᠴᠡᠳᠬᠡᠯ ᠢᠶᠠᠷ ᠣᠨ ᠤ ᠦᠨ᠎ᠡ ᠪᠠᠷ 9.6 ᠶᠡᠭᠡ ᠨᠠᠶᠤᠳ ᠲᠥᠭᠦᠷᠢᠭ ᠪᠣᠯᠣᠯ᠎ᠠ᠃ ᠡᠨᠡ ᠨᠢ ᠡᠮᠦᠨᠡᠬᠢ ᠣᠨ ᠤ ᠮᠦᠠ ᠦᠶ᠎ᠡ ᠶᠢᠨ ᠬᠢ ᠠᠴᠠ 368.5 ᠲᠡᠷᠪᠤᠮ ᠲᠥᠭᠦᠷᠢᠭ ᠢᠶᠠᠷ ᠨᠡᠮᠡᠭᠳᠡᠭᠰᠡᠨ ᠪᠣᠯ 2015 ᠣᠨ ᠤ ᠵᠡᠷᠭᠡᠴᠡᠭᠦᠯᠬᠦ ᠦᠨ᠎ᠡ ᠪᠠᠷ 5.2 ᠶᠡᠭᠡ ᠨᠠᠶᠤᠳ ᠲᠥᠭᠦᠷᠢᠭ ᠪᠤᠯᠵᠠᠢ᠃
ᠳᠣᠲᠤᠭᠠᠳᠤ ᠶᠢᠨ ᠨᠡᠶᠢᠲᠡ ᠪᠦᠲᠦᠭᠡᠭᠳᠡᠬᠦᠨ 2021 ᠣᠨ ᠤ ᠡᠬᠢᠨ ᠤ ᠤᠯᠠᠷᠢᠯ ᠳᠤ 14.8 ᠬᠤᠪᠢ ᠪᠠᠷ ᠨᠡᠮᠡᠭᠳᠡᠭᠰᠡᠨ ᠪᠣᠯ ᠡᠨᠡ ᠣᠨ ᠤ ᠡᠬᠢᠨ ᠤ ᠤᠯᠠᠷᠢᠯ ᠳᠤ 3.8 ᠬᠤᠪᠢ ᠪᠠᠷ ᠪᠠᠭᠠᠰᠤᠭᠰᠠᠨ᠃  ᠳᠣᠲᠤᠭᠠᠳᠤ ᠶᠢᠨ ᠨᠡᠶᠢᠲᠡ ᠪᠦᠲᠦᠭᠡᠭᠳᠡᠬᠦᠨ 2021 ᠣᠨ ᠤ ᠡᠬᠢᠨ ᠤ ᠤᠯᠠᠷᠢᠯ ᠳᠤ 14.8 ᠬᠤᠪᠢ ᠪᠠᠷ ᠥᠰᠦᠭᠰᠡᠨ ᠤ 5.3 ᠬᠤᠪᠢ ᠶᠢ  ᠠᠭᠤᠯᠠ ᠠᠭᠤᠷᠬᠠᠢ᠂ ᠣᠯᠪᠤᠷᠢᠯᠠᠯᠲᠠ ᠶᠢᠨ ᠰᠠᠯᠪᠤᠷᠢ᠂ 2 ᠬᠤᠪᠢ ᠶᠢ ᠦᠢᠯᠡᠴᠢᠯᠡᠭᠡᠨ ᠤ ᠰᠠᠯᠪᠤᠷᠢ᠂ 1.9 ᠬᠤᠪᠢ ᠶᠢ ᠠᠵᠤ ᠦᠢᠯᠡᠳᠪᠦᠷᠢ᠂ ᠪᠠᠷᠢᠯᠭ᠎ᠠ ᠶᠢᠨ ᠰᠠᠯᠪᠤᠷᠢ᠂ 5.8 ᠬᠤᠪᠢ ᠶᠢ ᠪᠦᠲᠦᠭᠡᠭᠳᠡᠬᠦᠨ ᠤ ᠴᠡᠪᠡᠷ ᠲᠠᠲᠠᠪᠤᠷᠢ ᠪᠦᠷᠢᠳᠦᠭᠦᠯᠵᠦ ᠪᠠᠶᠢᠭᠰᠠᠨ ᠶᠤᠮ᠃

ᠰᠡᠳᠬᠢᠭᠳᠡᠯ ᠦᠯᠡᠳᠡᠭᠡᠬᠦ