ᠰᠠᠩᠬᠦᠦ ᠶᠢᠨ ᠵᠤᠬᠢᠴᠠᠭᠤᠯᠬᠤ ᠬᠤᠷᠢᠶᠠᠨ ᠤ ᠵᠣᠬᠢᠴᠠᠭᠤᠯᠤᠯᠲᠠ ᠳᠤ ᠬᠠᠮᠢᠶᠠᠷᠳᠠᠭ ᠬᠥᠷᠦᠩᠭᠡ ᠶᠢᠨ ᠵᠠᠬ᠎ᠠ ᠵᠡᠭᠡᠯᠢ᠂ ᠳᠠᠭᠠᠳᠬᠠᠯ ᠤᠨ ᠵᠠᠬ᠎ᠠ ᠵᠡᠭᠡᠯᠢ᠂ ᠪᠠᠩᠬᠢ ᠪᠤᠰᠤ ᠰᠠᠩᠬᠦᠦ ᠶᠢᠨ ᠪᠠᠶᠢᠭᠤᠯᠤᠯᠭ᠎ᠠ᠂ ᠬᠠᠳᠠᠭᠠᠯᠠᠮᠵᠢ᠂ ᠵᠢᠭᠡᠯᠡᠯᠭᠡ ᠶᠢᠨ ᠬᠤᠷᠰᠢᠶᠠᠳ ᠤᠨ ᠳᠣᠲᠤᠭᠠᠳᠤ ᠶᠢᠨ ᠨᠡᠶᠢᠲᠡ ᠪᠦᠲᠦᠭᠡᠭᠳᠡᠬᠦᠨ ᠳᠦ ᠡᠵᠡᠯᠡᠬᠦ ᠬᠤᠪᠢ ᠭᠡᠮᠵᠢᠶ᠎ᠠ ᠡᠨᠡ ᠣᠨ ᠤ ᠨᠢᠭᠡᠳᠦᠭᠡᠷ ᠤᠯᠠᠷᠢᠯ ᠳᠤ 21.1 ᠬᠤᠪᠢ ᠳᠤ ᠬᠦᠷᠦᠭᠰᠡᠨ ᠪᠠᠶᠢᠨ᠎ᠡ᠃
ᠬᠠᠳᠠᠭᠠᠯᠠᠮᠵᠢ ᠵᠢᠭᠡᠯᠡ ᠶᠢᠨ ᠬᠤᠷᠰᠢᠶᠠᠳ ᠤᠨ ᠨᠡᠶᠢᠲᠡ ᠬᠥᠷᠥᠩᠭᠡ ᠡᠮᠦᠨᠡᠬᠢ ᠣᠨ ᠤ ᠮᠦᠠ ᠦᠶ᠎ᠡ ᠠᠴᠠ 4.4 ᠬᠤᠪᠢ ᠪᠠᠷ ᠥᠰᠴᠦ 291.3 ᠲᠡᠷᠪᠤᠮ ᠲᠥᠭᠦᠷᠢᠭ ᠲᠤ ᠬᠦᠷᠴᠡᠢ᠃ ᠡᠭᠦᠨ ᠠᠴᠠ ᠬᠠᠳᠠᠭᠠᠯᠠᠮᠵᠢ ᠶᠢᠨ ᠭᠡᠮᠵᠢᠶ᠎ᠠ 202.1 ᠲᠡᠷᠪᠤᠮ ᠲᠥᠭᠦᠷᠢᠭ ᠪᠤᠶᠤ 69.4 ᠬᠤᠪᠢ ᠶᠢ ᠡᠵᠡᠯᠡᠵᠦ ᠪᠠᠶᠢᠨ᠎ᠡ᠃ ᠨᠡᠶᠢᠲᠡ ᠵᠢᠭᠡᠯᠡ ᠶᠢᠨ ᠦᠯᠡᠳᠡᠭᠳᠡᠯ ᠡᠮᠦᠨᠡᠬᠢ ᠣᠨ ᠤ ᠮᠦᠠ ᠦᠶ᠎ᠡ ᠠᠴᠠ 14.2 ᠬᠤᠪᠢ ᠪᠠᠷ ᠥᠰᠴᠦ 219.3 ᠲᠡᠷᠪᠤᠮ ᠲᠥᠭᠦᠷᠢᠭ ᠲᠤ ᠬᠦᠷᠦᠭᠰᠡᠨ ᠪᠠᠶᠢᠨ᠎ᠡ᠃