ᠦᠨᠳᠦᠰᠦᠨ ᠦ ᠠᠶᠤᠯᠭᠦᠢ ᠪᠠᠢᠳᠠᠯ ᠤᠨ ᠵᠦᠪᠯᠡᠯ ᠳᠤ ᠮᠡᠨᠳᠦᠴᠢᠯᠡᠭᠡ ᠳᠡᠪᠰᠢᠭᠦᠯᠪᠡ | News.MN

ᠦᠨᠳᠦᠰᠦᠨ ᠦ ᠠᠶᠤᠯᠭᠦᠢ ᠪᠠᠢᠳᠠᠯ ᠤᠨ ᠵᠦᠪᠯᠡᠯ ᠳᠤ ᠮᠡᠨᠳᠦᠴᠢᠯᠡᠭᠡ ᠳᠡᠪᠰᠢᠭᠦᠯᠪᠡ

ᠮᠣᠩᠭᠤᠯ ᠤᠯᠤᠰ ᠤᠨ ᠶᠡᠷᠦᠩᠬᠡᠶᠢᠯᠡᠭᠴᠢ᠂ ᠦᠨᠳᠦᠰᠦᠨ ᠤ ᠠᠶᠤᠯᠭᠦᠢ ᠪᠠᠶᠢᠳᠠᠯ ᠤᠨ ᠵᠥᠪᠯᠡᠯ ᠤᠨ ᠲᠡᠷᠢᠬᠦᠠ ᠤ᠊ · ᠬᠦᠷᠡᠯᠰᠦ᠋ᠬᠡ ᠦᠨᠳᠦᠰᠦᠨ ᠤ ᠠᠶᠤᠯᠭᠦᠢ ᠪᠠᠶᠢᠳᠠᠯ ᠤᠨ ᠵᠥᠪᠯᠡᠯ ᠡᠭᠦᠰᠦᠨ ᠪᠠᠶᠢᠭᠤᠯᠤᠭᠳᠠᠭᠰᠠᠨ ᠤ 30 ᠵᠢᠯ ᠤᠨ ᠣᠢ ᠳᠤ ᠵᠣᠷᠢᠭᠤᠯᠤᠨ ᠪᠠᠶᠠᠷ ᠤᠨ ᠮᠡᠨᠳᠦᠴᠢᠯᠡᠭᠡ ᠳᠡᠪᠰᠢᠭᠦᠯᠵᠡᠢ᠃ ᠤᠭ ᠮᠡᠨᠳᠤᠴᠢᠯᠡᠭᠡᠨ ᠳᠤ᠄
ᠮᠣᠩᠭᠤᠯᠴᠤᠳ ᠪᠢᠳᠡ ᠡᠷᠲᠡ ᠳᠡᠭᠡᠷ᠎ᠡ ᠦᠶ᠎ᠡ ᠠᠴᠠ ᠲᠥᠷᠦ  ᠤᠯᠤᠰ᠂ ᠲᠥᠷᠥᠯᠬᠢ ᠨᠤᠳᠤᠬ᠂ ᠲᠦᠮᠡᠨ ᠤᠯᠠᠨ ᠢᠶᠠᠨ ᠨᠢᠭᠡᠳᠦᠮᠡᠯ ᠰᠠᠨᠠᠭ᠎ᠠ᠂ ᠨᠢᠭᠡᠨ ᠵᠤᠷᠢᠭ ᠲᠠᠢ ᠂ ᠡᠪ ᠤᠨ ᠬᠦᠴᠦ ᠪᠠᠷ ᠬᠠᠮᠠᠭᠠᠯᠠᠵᠤ ᠢᠷᠡᠭᠰᠡᠨ ᠲᠥᠷᠥᠲᠦ ᠶᠣᠰᠣᠨ ᠤ ᠲᠡᠦᠬᠡᠨ ᠤᠯᠠᠮᠵᠢᠯᠠᠯ ᠲᠠᠢ ᠠᠷᠠᠳ ᠲᠦᠮᠡᠨ ᠪᠢᠯᠡ᠃
ᠡᠨᠡ ᠲᠡᠦᠬᠡᠨ ᠤᠯᠠᠮᠵᠢᠯᠠᠯ ᠢ ᠨᠡᠷ᠎ᠡ ᠲᠥᠷᠥ ᠲᠠᠢ ᠦᠷᠭᠦᠯᠵᠢᠯᠡᠭᠦᠯᠵᠦ᠂  ᠬᠦᠴᠦᠷᠬᠡᠭᠵᠢᠭᠦᠯᠵᠦ ᠂ ᠤᠯᠤᠰ ᠣᠷᠣᠨ ᠤ ᠪᠠᠨ ᠠᠶᠤᠯᠭᠦᠢ ᠪᠠᠶᠢᠳᠠᠯ᠂ ᠲᠣᠭᠲᠠᠪᠤᠷᠢᠲᠠᠶ ᠬᠥᠭᠵᠢᠯ᠂  ᠠᠷᠡᠦᠠ ᠢᠷᠭᠡᠳ ᠤᠨ ᠢᠶᠠᠨ ᠡᠷᠡᠭᠦᠯ ᠰᠠᠷᠠᠭᠤᠯ᠂ ᠡᠯᠪᠡᠭ ᠬᠠᠩᠭᠠᠯᠤᠭᠤᠨ᠂ ᠡᠩᠬᠡ ᠠᠮᠦᠭᠤᠯᠡᠩ ᠠᠮᠢᠳᠤᠷᠠᠯ ᠤᠨ ᠲᠥᠯᠥᠭᠡ ᠣᠨ ᠤᠳᠠᠭᠠᠨ ᠵᠢᠯ ᠴᠢᠩ ᠰᠡᠦᠡᠬᠢᠯ᠂ ᠮᠡᠷᠭᠡᠨ ᠤᠬᠠᠭᠠᠨ᠂ ᠮᠡᠳᠡᠯᠭᠡ ᠴᠢᠳᠠᠪᠤᠷᠢ ᠪᠠᠨ ᠳᠠᠶᠢᠴᠢᠯᠠᠨ ᠵᠢᠳᠬᠦᠵᠦ ᠢᠷᠡᠭᠰᠡᠨ ᠮᠣᠩᠭᠤᠯ ᠤᠯᠤᠰ ᠤᠨ ᠦᠨᠳᠦᠰᠦᠨ ᠤ ᠠᠶᠤᠯᠭᠦᠢ ᠪᠠᠶᠢᠳᠠᠯ ᠤᠨ ᠵᠥᠪᠯᠡᠯ ᠤᠨ ᠦᠶ᠎ᠡ ᠦᠶ᠎ᠡ ᠶᠢᠨ ᠲᠡᠷᠢᠬᠦᠠ᠂ ᠭᠡᠰᠢᠭᠦᠳ᠂ ᠨᠡᠷᠢᠠ ᠪᠢᠴᠢᠭ ᠤᠨ ᠳᠠᠷᠤᠭ᠎ᠠ᠂ ᠠᠬᠠᠮᠡᠦᠠ ᠠᠵᠢᠯᠲᠠᠳ ᠪᠤᠯᠦᠠ ᠥᠨᠦ ᠶᠢᠨ ᠠᠵᠢᠯ ᠤᠨ ᠠᠯᠪᠠ᠂ ᠰᠲᠷᠠᠲ᠋ᠧᠭᠢ ᠶᠢᠨ ᠰᠤᠳᠤᠯᠭᠠᠨ ᠤ ᠬᠦᠷᠢᠶᠡᠯᠡᠩ᠂ ᠰᠢᠨᠵᠢᠭᠡᠴᠢ ᠶᠢᠨ ᠬᠡᠰᠡᠭ ᠤᠨ ᠡᠷᠳᠡᠮᠲᠡᠨ᠂ ᠰᠤᠳᠤᠯᠤᠭᠠᠴᠢᠳ ᠲᠤ ᠤᠭ ᠵᠥᠪᠯᠡᠯ ᠡᠭᠦᠰᠦᠨ ᠪᠠᠶᠢᠭᠤᠯᠤᠭᠳᠠᠭᠰᠠᠨ ᠤ 30 ᠵᠢᠯ ᠤᠨ ᠣᠢ  ᠶᠢᠨ ᠪᠠᠶᠠᠷ ᠢ ᠲᠣᠬᠢᠶᠠᠯᠳᠤᠭᠤᠯᠤᠨ ᠴᠢᠩ ᠰᠡᠳᠬᠢᠯ ᠤᠨ ᠪᠠᠶᠠᠷ ᠤᠨ ᠮᠡᠨᠳᠦ ᠬᠦᠷᠭᠡᠵᠦ ᠠᠵᠢᠯ ᠤᠨ ᠦᠡᠳᠦᠷ  ᠠᠮᠵᠢᠯᠲᠠ ᠂ ᠠᠮᠢᠳᠤᠷᠠᠯ ᠤᠨ ᠰᠠᠶᠢᠨ ᠰᠡᠶᠢᠬᠠᠠ ᠪᠦᠬᠦᠨ ᠢ ᠬᠦᠰᠡᠨ ᠢᠷᠦᠭᠡᠶ᠎ᠡ᠃
ᠦᠨᠳᠦᠰᠦᠲᠡᠨ ᠤ ᠦᠨᠡᠲᠦ ᠵᠦᠢᠯᠡᠰ ᠢᠶᠠᠨ ᠨᠠᠨᠳᠢᠩᠨᠠᠨ ᠬᠠᠳᠠᠭᠠᠯᠠᠬᠤ᠂ ᠲᠥᠷᠦ ᠤᠯᠤᠰ ᠤᠨ ᠢᠶᠠᠨ ᠢᠵᠡᠭᠤᠷ ᠡᠷᠭᠡ ᠠᠰᠢᠭ ᠢ ᠡᠷᠬᠢᠮᠯᠡᠨ ᠳᠡᠭᠡᠳᠦᠯᠡᠬᠦ ᠨᠢ ᠮᠣᠩᠭᠤᠯ ᠤᠯᠤᠰ ᠤᠨ ᠦᠨᠳᠦᠰᠦᠨ ᠤ ᠠᠶᠤᠯᠭᠦᠢ ᠪᠠᠶᠢᠳᠠᠯ ᠢ ᠬᠠᠩᠭᠠᠬᠤ ᠪᠣᠳᠤᠯᠭ᠎ᠠ᠂ ᠦᠶᠯᠡ ᠠᠵᠢᠯᠯᠠᠭᠠᠨ ᠤ ᠦᠨᠳᠦᠰᠦ ᠶᠢᠨ ᠦᠨᠳᠦᠰᠦ ᠶᠤᠮ᠃ ᠡᠶᠢᠮᠦ ᠤᠴᠢᠷ ᠠᠴᠠ ᠦᠨᠳᠦᠰᠦᠨ ᠤ  ᠠᠶᠤᠯᠭᠦᠢ ᠪᠠᠶᠢᠳᠠᠯ ᠤᠨ ᠵᠥᠪᠯᠡᠯ ᠤᠨ ᠲᠡᠷᠢᠭᠦᠨ ᠤ ᠬᠤᠪᠢ ᠳᠤ᠂ ᠤᠯᠤᠰ ᠣᠷᠣᠨ ᠤ ᠦᠨᠳᠦᠰᠦᠨ ᠤ ᠠᠶᠤᠯᠭᠦᠢ ᠪᠠᠶᠢᠳᠠᠯ᠂  ᠡᠬᠡ ᠣᠷᠣᠨᠴᠢ ᠦᠨᠳᠦᠰᠦᠨ ᠤ ᠦᠵᠡᠯ᠂ ᠡᠪ ᠨᠢᠭᠡᠳᠦᠯ ᠢᠮᠠᠭᠲᠠ ᠪᠦᠬᠦᠨ ᠠᠴᠠ ᠳᠡᠭᠡᠭᠦᠷ  ᠡᠷᠡᠮᠪᠡᠯᠡᠭᠳᠡᠬᠦ ᠶᠣᠰᠤᠲᠠᠶ ᠭᠡᠳᠡᠭ ᠢ ᠡᠨᠡ ᠲᠡᠮᠳᠡᠭᠯᠡᠯᠲᠦ ᠡᠳᠦᠷ ᠲᠦᠮᠡᠨ ᠣᠯᠠᠨ ᠳᠠᠭᠠᠨ ᠰᠠᠨᠠᠭᠤᠯᠬᠤ ᠪᠠᠶᠢᠨ᠎ᠡ᠃
ᠮᠥᠩᠬᠡ ᠬᠥᠬᠡ ᠲᠡᠭᠷᠢ ᠶᠢᠨ ᠬᠦᠴᠦᠨ ᠳ᠋ᠤᠷ ᠮᠣᠩᠭᠤᠯ  ᠤᠯᠤᠰ ᠮᠠᠨᠳᠤᠨ ᠪᠠᠳᠠᠷᠠᠬᠤ ᠪᠤᠯᠲᠦᠭᠠᠢ ᠭᠡᠵᠡᠢ᠃

ᠰᠡᠳᠬᠢᠭᠳᠡᠯ ᠦᠯᠡᠳᠡᠭᠡᠬᠦ