ᠡᠬᠡ ᠬᠡᠯᠡ ᠪᠡᠨ ᠬᠤᠶᠢᠴᠢ ᠳᠠᠭᠠᠨ ᠥᠪᠯᠡᠭᠦᠯᠬᠦ ᠨᠢ ᠮᠣᠩᠭᠤᠯ ᠬᠥᠮᠦᠨ ᠪᠦᠷᠢ ᠶᠢᠨ ᠡᠭᠦᠷᠭᠡ | News.MN

ᠡᠬᠡ ᠬᠡᠯᠡ ᠪᠡᠨ ᠬᠤᠶᠢᠴᠢ ᠳᠠᠭᠠᠨ ᠥᠪᠯᠡᠭᠦᠯᠬᠦ ᠨᠢ ᠮᠣᠩᠭᠤᠯ ᠬᠥᠮᠦᠨ ᠪᠦᠷᠢ ᠶᠢᠨ ᠡᠭᠦᠷᠭᠡ

ᠮᠣᠩᠭᠤᠯ ᠤᠯᠤᠰ ᠤᠨ ᠶᠡᠭᠡ ᠰᠤᠷᠭᠠᠭᠤᠯᠢ᠂ ᠮᠣᠩᠭᠤᠯ ᠤᠯᠤᠰ ᠤᠨ ᠪᠣᠯᠪᠠᠰᠤᠷᠠᠯ ᠤᠨ ᠶᠡᠭᠡ ᠰᠤᠷᠭᠠᠭᠤᠯᠢ᠂ ᠰᠢᠨᠵᠢᠯᠡᠬᠦ ᠤᠬᠠᠭᠠᠨ ᠤ ᠠᠺᠠᠳᠧᠮᠢ ᠶᠢᠨ 40 ᠭᠠᠷᠦᠢ ᠡᠷᠳᠡᠮᠲᠡᠨ ᠤ ᠬᠠᠮᠲᠤᠷᠠᠨ ᠵᠣᠬᠢᠶᠠᠭᠰᠠᠨ ︽ᠮᠣᠩᠭᠤᠯ ᠬᠡᠯᠡ ᠰᠤᠳᠤᠯᠤᠯ︾ 15 ᠪᠣᠳᠢ ᠨᠣᠮ ᠤᠨ ᠨᠡᠭᠡᠭᠡᠯᠳᠡ  ᠥᠨᠥᠳᠥᠷ ᠮᠣᠩᠭᠤᠯ ᠤᠯᠤᠰ ᠤᠨ ᠶᠡᠭᠡ ᠰᠤᠷᠭᠠᠭᠤᠯᠢ ᠶᠢᠨ ᠡᠷᠳᠡᠮ ᠤᠨ ᠲᠠᠩᠬᠢᠮ ᠳᠤ ᠪᠤᠯᠵᠤ᠂ ᠮᠣᠩᠭᠤᠯ ᠤᠯᠤᠰ ᠤᠨ ᠶᠡᠷᠦᠩᠬᠡᠶᠢᠯᠡᠭᠴᠢ ᠤᠬᠤᠨ᠎ᠠ ᠶᠢᠨ ᠬᠦᠷᠡᠯᠰᠦ᠋ᠬᠡ ᠨᠡᠭᠡᠭᠡᠯᠲᠡ ᠶᠢᠨ ᠶᠣᠰᠣᠯᠠᠯ ᠳᠤ ᠣᠷᠣᠯᠴᠠᠵᠤ ᠦᠭᠡ ᠬᠡᠯᠡᠯ᠎ᠡ᠃

ᠲᠡᠷᠡ ᠬᠡᠯᠡᠭᠰᠡᠨ ᠦᠭᠡᠨ ᠳᠡᠭᠡᠨ᠄ ᠮᠣᠩᠭᠤᠯ ᠤᠯᠤᠰ ᠤᠨ ᠦᠨᠳᠦᠰᠦᠨ ᠤ ᠠᠶᠤᠯᠭᠦᠢ ᠪᠠᠶᠢᠳᠠᠯ ᠤᠨ ᠦᠵᠡᠯ ᠪᠠᠷᠢᠮᠲᠠᠯᠠᠯ ᠳᠤ ︽ᠦᠨᠳᠦᠰᠦᠨ ᠤ  ᠲᠡᠦᠬᠡ᠂ ᠬᠡᠯᠡ᠂ ᠰᠤᠶᠦᠯ᠂ ᠥᠪ ᠤᠯᠠᠮᠵᠢᠯᠠᠯ᠂ ᠵᠠᠩ ᠵᠠᠩᠰᠢᠯ ᠢᠶᠠᠨ ᠬᠠᠳᠠᠭᠠᠯᠠᠵᠤ᠂ ᠬᠠᠮᠠᠭᠠᠯᠠᠵᠤ ᠬᠥᠭᠵᠢᠭᠦᠯᠬᠦ ᠨᠢ ᠮᠣᠩᠭᠤᠯ ᠦᠨᠳᠦᠰᠦᠲᠡᠨ ᠤ ᠣᠷᠣᠰᠢᠨ ᠲᠣᠭᠲᠠᠨᠢᠬᠤ ᠶᠢᠨ ᠦᠨᠳᠦᠰᠦ᠂ ᠠᠮᠢᠨ ᠴᠢᠬᠤᠯᠠ ᠳᠠᠷᠬᠠᠯᠠᠭ᠎ᠠ︾ ᠭᠡᠵᠦ ᠵᠢᠭᠠᠭᠰᠠᠨ ᠪᠠᠶᠢᠳᠠᠭ ᠢ ᠲᠡᠮᠳᠡᠭᠯᠡᠪᠡ᠃
ᠡᠳᠦᠭᠡ ᠳᠡᠯᠡᠬᠡᠢ ᠳ᠋ᠠᠬᠢᠨ ᠳᠤ 10 ᠰᠠᠶ᠎ᠠ ᠭᠠᠷᠤᠢ ᠬᠥᠮᠦᠨ ᠮᠣᠩᠭᠤᠯ ᠬᠡᠯᠡ ᠪᠠᠷ ᠬᠠᠷᠢᠯᠴᠠᠵᠤ ᠪᠠᠶᠢᠭ᠎ᠠ ᠲᠤᠬᠠᠶ ᠲᠣᠭᠠᠴᠠᠭ᠎ᠠ᠂ ᠰᠤᠳᠤᠯᠭ᠎ᠠ ᠪᠤᠢ᠃ ᠡᠶᠢᠮᠦ ᠳᠤ ᠮᠣᠩᠭᠤᠯ ᠬᠦᠮᠦᠨ ᠪᠦᠷᠢ  ᠡᠬᠡ ᠬᠡᠯᠡ ᠪᠡᠨ ᠡᠷᠬᠢᠮᠯᠡᠨ ᠳᠡᠭᠡᠳᠦᠯᠡᠵᠦ᠂ ᠨᠠᠨᠳᠢᠩᠨᠠᠨ ᠪᠠᠭ᠋ᠠᠷᠬᠠᠵᠤ᠂ ᠴᠠᠬ ᠦᠶ᠎ᠡ ᠶᠢᠨ ᠢᠶᠠᠨ ᠮᠡᠳᠡᠯᠭᠡ ᠣᠶᠣᠨ ᠢ ᠰᠢᠩᠭᠡᠭᠡᠨ ᠪᠠᠶᠠᠵᠢᠭᠤᠯᠵᠤ᠂ ᠢᠷᠡᠭᠡᠳᠦᠶ ᠬᠤᠶᠢᠴᠢ ᠳᠠᠭᠠᠨ ᠥᠪᠯᠡᠭᠦᠯᠤᠨ ᠵᠠᠯᠭᠠᠮᠵᠢᠯᠠᠭᠤᠯᠬᠤ ᠡᠷᠬᠢᠮ ᠡᠭᠦᠷᠭᠡ ᠲᠠᠢ ᠶᠢ ᠮᠣᠩᠭᠤᠯ ᠤᠯᠤᠰ ᠤᠨ ᠶᠡᠷᠦᠩᠬᠡᠶᠢᠯᠡᠭᠴᠢ ᠣᠨᠴᠠᠯᠠᠯ᠎ᠠ᠃

ᠮᠣᠩᠭᠤᠯ ᠬᠡᠯᠡ ᠰᠢᠨᠵᠢᠯᠡᠯ᠂ ᠮᠣᠩᠭᠤᠯ ᠬᠡᠯᠡᠨ ᠤ ᠲᠡᠦᠬᠡ ᠠᠴᠠ ᠡᠬᠢᠯᠡᠭᠡᠳ ᠬᠡᠯᠡᠨ ᠤ ᠲᠦᠪᠰᠢᠠ ᠪᠦᠷᠢ ᠶᠢᠨ ᠲᠣᠭᠲᠠᠯᠴᠠᠭ᠎ᠠ᠂ ᠦᠰᠦᠭ ᠪᠢᠴᠢᠭ᠂ ᠨᠤᠲᠤᠭ ᠤᠨ ᠠᠶᠠᠯᠭᠤᠨ ᠤ ᠣᠨᠴᠠᠯᠢᠭ ᠢ ᠲᠣᠳᠣᠷᠠᠭᠤᠯᠵᠤ᠂ ᠬᠡᠯᠡ ᠰᠢᠨᠵᠢᠯᠡᠯ ᠤᠨ ᠣᠷᠴᠢᠨ ᠦᠶ᠎ᠡ ᠶᠢᠨ ᠴᠢᠭ ᠬᠠᠨᠳᠤᠯᠭ᠎ᠠ ᠶᠢᠨ ᠡᠭᠦᠳᠡ ᠠᠴᠠ ᠨᠡᠭᠡᠭᠡᠨ ᠲᠠᠶᠢᠯᠪᠤᠷᠢᠯᠠᠭᠰᠠᠨ  ᠡᠨᠡ ᠬᠦ 15 ᠪᠣᠳᠢ ᠪᠦᠲᠦᠭᠡᠯ ᠢ ᠪᠢᠴᠢᠵᠦ ᠲᠤᠭᠤᠷᠪᠢᠨ᠂ ᠰᠢᠨᠵᠢᠯᠡᠬᠦ ᠤᠬᠠᠭᠠᠨ ᠳᠤ ᠦᠨ᠎ᠡ ᠲᠠᠢ ᠬᠤᠪᠢ ᠨᠡᠮᠡᠷᠢ ᠣᠷᠣᠭᠤᠯᠤᠭᠰᠠᠨ ᠡᠷᠳᠡᠮᠲᠡᠨ᠂ ᠰᠤᠳᠤᠯᠤᠭᠠᠴᠢᠳ ᠤᠨ  ᠪᠠᠭ ᠲᠤ ᠲᠡᠷᠡ ᠲᠠᠯᠠᠷᠬᠠᠯ ᠢᠯᠡᠷᠬᠡᠶᠢᠯᠡᠪᠡ᠃ ᠮᠣᠩᠭᠤᠯ ᠬᠡᠯᠡ ᠶᠢ ᠰᠢᠨᠵᠢᠯᠡᠨ ᠰᠤᠳᠤᠯᠬᠤ ᠠᠵᠢᠯ ᠴᠢᠨᠠᠭᠰᠢᠳᠠ ᠤᠯᠠᠮ ᠪᠦᠷᠢ ᠨᠠᠷᠢᠰᠤᠨ ᠬᠥᠭᠵᠢᠵᠦ᠂ ᠬᠡᠯᠡ ᠰᠢᠨᠵᠢᠯᠡᠯ ᠤᠨ ᠡᠷᠳᠡᠮᠲᠡᠨ᠂ ᠰᠤᠳᠤᠯᠤᠭᠠᠴᠢᠳ ᠣᠯᠠᠨ ᠵᠠᠭᠤᠨ ᠰᠢᠯᠢᠳᠡᠭ ᠪᠦᠲᠦᠭᠡᠯ ᠲᠤᠭᠤᠷᠪᠢᠨ᠎ᠠ ᠭᠡᠳᠡᠭ ᠲᠤ ᠢᠲᠡᠭᠡᠵᠦ ᠪᠠᠶᠢᠭ᠎ᠠ ᠪᠠᠨ ᠬᠡᠯᠡᠯ᠎ᠡ᠃

ᠰᠡᠳᠬᠢᠭᠳᠡᠯ ᠦᠯᠡᠳᠡᠭᠡᠬᠦ