ᠮᠣᠩᠭᠤᠯ ᠤᠯᠤᠰ ᠢ ᠳ᠋ᠢᠵᠢᠲ᠋ᠠᠯ ᠡᠳ᠋ ᠤᠨ ᠵᠠᠰᠠᠭ ᠲᠤ ᠰᠢᠯᠵᠢᠭᠦᠯᠬᠦ ᠳᠤ ᠲᠤᠰᠠᠯᠠᠨ᠎ᠠ | News.MN

ᠮᠣᠩᠭᠤᠯ ᠤᠯᠤᠰ ᠢ ᠳ᠋ᠢᠵᠢᠲ᠋ᠠᠯ ᠡᠳ᠋ ᠤᠨ ᠵᠠᠰᠠᠭ ᠲᠤ ᠰᠢᠯᠵᠢᠭᠦᠯᠬᠦ ᠳᠤ ᠲᠤᠰᠠᠯᠠᠨ᠎ᠠ

ᠴᠠᠬᠢᠮ ᠬᠥᠭᠵᠢᠯ᠂ ᠬᠠᠷᠢᠯᠴᠠᠭ᠎ᠠ ᠬᠤᠯᠪᠤᠭᠠᠨ ᠤ ᠶᠠᠮᠤᠨ ᠡᠸᠦ᠋ᠷᠦᠫᠡ ᠶᠢᠨ ᠰᠡᠷᠭᠦᠭᠡᠨ ᠪᠣᠰᠬᠠᠯᠲᠠ ᠬᠥᠭᠵᠢᠯ ᠤᠨ ᠪᠠᠩᠬᠢ ᠲᠠᠢ ᠬᠠᠮᠲᠤᠷᠠᠨ ᠠᠵᠢᠯᠯᠠᠬᠤ ᠰᠠᠨᠠᠮᠵᠢ ᠪᠢᠴᠢᠭ  ᠪᠠᠶᠢᠭᠤᠯᠤᠯ᠎ᠠ᠃  ᠰᠠᠨᠠᠮᠵᠢ ᠪᠢᠴᠢᠭ ᠪᠠᠶᠢᠭᠤᠯᠤᠭᠳᠠᠭᠰᠠᠨ ᠢᠶᠠᠷ ᠲᠠᠯ᠎ᠠ ᠨᠤᠭᠤᠳ ᠮᠣᠩᠭᠤᠯ ᠤᠯᠤᠰ ᠢ ᠳ᠋ᠢᠵᠢᠲ᠋ᠠᠯ ᠡᠳ᠋ ᠤᠨ ᠵᠠᠰᠠᠭ ᠲᠤ ᠰᠢᠯᠵᠢᠬᠦᠯᠬᠦ᠂ ᠤᠯᠤᠰ ᠣᠷᠣᠨ ᠤ ᠴᠠᠬᠢᠮ ᠦᠷᠢᠰᠦᠯᠳᠦᠬᠦ ᠴᠢᠳᠠᠪᠤᠷᠢ ᠶᠢ ᠰᠠᠶᠢᠵᠢᠷᠠᠭᠤᠯᠬᠤ ᠦᠶᠯᠡ ᠠᠵᠢᠯᠯᠠᠭᠠᠨ ᠳᠤ ᠬᠠᠮᠲᠤᠷᠠᠨ ᠠᠵᠢᠯᠯᠠᠨ᠎ᠠ᠃

ᠮᠦᠠ ᠳ᠋ᠢᠵᠢᠲ᠋ᠠᠯ ᠡᠳ᠋ ᠤᠨ ᠵᠠᠰᠠᠭ ᠢ ᠪᠤᠢ ᠪᠣᠯᠭᠠᠬᠤ ᠳᠤ ᠲᠤᠯᠭᠠᠷᠠᠵᠤ ᠪᠤᠶ ᠪᠡᠷᠬᠡᠰᠢᠶᠡᠯ᠂ ᠪᠣᠯᠣᠮᠵᠢ ᠨᠤᠭᠤᠳ ᠢ ᠲᠣᠳᠣᠷᠬᠠᠶᠢᠯᠠᠬᠤ᠂ ᠳ᠋ᠢᠵᠢᠲ᠋ᠠᠯ ᠳᠡᠳ᠋ ᠪᠦᠲᠦᠴᠡ ᠶᠢᠨ ᠬᠦᠷᠲᠡᠭᠡᠮᠵᠢ ᠶᠢ ᠨᠡᠮᠡᠭᠳᠡᠭᠦᠯᠬᠦ᠂ ᠰᠢᠨᠡᠴᠢᠯᠡᠬᠦ᠂ ᠲᠡᠭᠦᠨ ᠳᠤ ᠱᠠᠭᠠᠷᠳᠠᠯᠭ᠎ᠠ ᠲᠠᠢ ᠬᠥᠷᠥᠩᠭᠡ ᠣᠷᠤᠭᠤᠯᠤᠯᠲᠠ᠂ ᠬᠡᠷᠡᠭᠵᠢᠭᠦᠯᠬᠦ ᠲᠧᠭᠨᠢᠭ ᠤᠨ ᠬᠠᠮᠲᠤ ᠶᠢᠨ ᠠᠵᠢᠯᠯᠠᠭ᠎ᠠ ᠶᠢ ᠬᠠᠮᠲᠤᠷᠠᠵᠤ ᠰᠤᠳᠤᠯᠬᠤ᠂ ᠬᠤᠪᠢ ᠶᠢᠨ ᠪᠢᠽᠢᠨᠧᠰ᠂ ᠵᠢᠵᠢᠭ᠂ ᠳᠤᠮᠳᠠ ᠦᠶᠯᠡᠳᠪᠦᠷᠢᠯᠡᠯ ᠡᠷᠬᠢᠯᠡᠭᠴᠢᠳ ᠤᠨ ᠪᠢᠽᠢᠨᠧᠰ ᠤᠨ ᠳ᠋ᠢᠵᠢᠲ᠋ᠠᠯ ᠰᠢᠯᠵᠢᠯᠲᠡ ᠶᠢ ᠳᠡᠮᠵᠢᠬᠦ ᠲᠠᠯ᠎ᠠ ᠪᠠᠷ ᠬᠠᠮᠲᠤᠷᠠᠨ ᠠᠵᠢᠯᠯᠠᠬᠤ ᠶᠤᠮ᠃

ᠰᠡᠳᠬᠢᠭᠳᠡᠯ ᠦᠯᠡᠳᠡᠭᠡᠬᠦ