ᠭᠠᠩ ᠦᠢᠯᠡᠳᠪᠦᠷᠢᠯᠡᠭᠴᠢᠳ ᠤᠨ ᠡᠷᠢᠯᠲᠡ ᠪᠠᠭ᠎ᠠ ᠪᠠᠶᠢᠭ᠎ᠠ ᠲᠠᠢ ᠵᠡᠷᠭᠡᠴᠡᠨ ᠭᠠᠭᠴᠠᠮᠤᠳᠤ ᠬᠢᠯᠢ ᠶᠢᠨ ᠪᠣᠭᠤᠮᠲᠠ ᠳᠤ ᠮᠣᠩᠭᠣᠯ ᠤᠨ ᠺᠣᠺᠰᠵᠢᠬᠤ ᠨᠡᠭᠦᠷᠡᠰᠦᠨ ᠤ ᠦᠨ᠎ᠡ ᠪᠠᠭᠤᠷᠠᠵᠠᠢ᠃ ᠡᠨᠡ ᠰᠠᠷ᠎ᠠ ᠶᠢᠨ 25-26 ᠳᠤ SXCoal ᠤᠨ ᠲᠣᠭᠠᠴᠠᠭᠠᠯᠠᠭᠰᠠᠨ ᠢᠶᠠᠷ ᠲᠣᠨ ᠨᠢ 1900-1950 ᠶᠤᠸᠠᠨ ᠳᠤ ᠬᠡᠯᠪᠡᠯᠵᠡᠭᠰᠡᠨ᠃ ᠡᠨᠡ ᠨᠢ ᠡᠮᠦᠨᠡᠬᠢ ᠬᠤᠶᠠᠷ ᠬᠤᠨᠤᠭ ᠤᠨ ᠬᠢ ᠠᠴᠠ 50 ᠶᠤᠸᠠᠨ ᠢᠶᠠᠷ ᠪᠠᠭᠤᠷᠠᠭᠰᠠᠨ ᠳ᠋ᠦᠩ ᠶᠤᠮ᠃
ᠦᠨ᠎ᠡ ᠪᠠᠭᠤᠷᠠᠬᠤ ᠳᠤ ᠮᠣᠩᠭᠣᠯ ᠤᠨ ᠢᠮᠫᠣᠷᠲ ᠥᠰᠦᠭᠰᠡᠨ ᠨᠢ ᠭᠤᠣᠯᠯᠠᠨ ᠨᠥᠯᠥᠭᠡᠯᠡᠭᠰᠡᠨ ᠪᠠᠶᠢᠨ᠎ᠡ᠃ ᠬᠤᠶᠠᠷ ᠤᠯᠤᠰ ᠤᠨ ᠨᠡᠭᠦᠷᠡᠰᠦᠨ ᠤ ᠺᠣᠮᠫᠠᠨᠢ ᠨᠤᠭᠤᠳ ᠤᠨ ᠬᠠᠮᠲᠤ ᠶᠢᠨ ᠠᠵᠢᠯᠯᠠᠭ᠎ᠠ ᠶᠢ ᠢᠳᠡᠪᠬᠢᠵᠢᠭᠦᠯᠬᠦ ᠪᠡᠷ ᠵᠢᠷᠭᠤᠳᠤᠭᠠᠷ ᠰᠠᠷ᠎ᠠ ᠶᠢᠨ 14 ᠳᠤ ᠮᠣᠩᠭᠣᠯ ᠤᠨ ᠨᠡᠭᠦᠷᠡᠰᠦᠨ ᠤ ᠠᠰᠰᠤᠼᠢᠶᠠᠼ᠂︽Fenwei Digital Information Technology︾ᠻᠣᠮᠫᠠᠨᠢ ᠬᠠᠮᠲᠤᠷᠠᠨ︽ᠬᠢᠲᠠᠳ ᠮᠣᠩᠭᠣᠯ ᠤᠨ ᠨᠡᠭᠦᠷᠡᠰᠦᠨ ᠤ ᠺᠣᠮᠫᠠᠨᠢ ᠨᠤᠭᠤᠳ ᠤᠨ ᠠᠷᠠᠯᠵᠢᠶ᠎ᠠ︾ᠴᠠᠬᠢᠮ ᠬᠤᠷᠠᠯ ᠢ ᠵᠣᠬᠢᠶᠠᠨ ᠪᠠᠶᠢᠭᠤᠯᠬᠤ ᠪᠠᠷ ᠪᠣᠯᠣᠭᠰᠠᠨ ᠪᠠᠶᠢᠨ᠎ᠡ᠃