ᠡᠨᠡ ᠣᠨ ᠳᠤ ᠮᠣᠩᠭᠤᠯ᠂ ᠣᠷᠣᠰ ᠤᠨ ᠬᠤᠭᠤᠷᠤᠨᠳᠤ ᠶᠢᠨ ᠭᠠᠳᠠᠭᠠᠳᠤ ᠬᠤᠳᠠᠯᠳᠤᠭᠠᠨ ᠤ ᠪᠠᠷᠠᠭ᠎ᠠ ᠡᠷᠭᠢᠯᠲᠡ ᠬᠤᠶᠠᠷ ᠲᠡᠷᠪᠤᠮ ᠳ᠋ᠣᠯᠯᠠᠷ ᠳᠠᠪᠠᠬᠤ ᠪᠠᠷ ᠪᠠᠶᠢᠭ᠎ᠠ ᠶᠢ ᠣᠷᠣᠰ ᠤᠨ ᠡᠳ᠋ ᠤᠨ ᠵᠠᠰᠠᠭ ᠤᠨ ᠬᠥᠭᠵᠢᠯ ᠤᠨ ᠰᠠᠶᠢᠳ ᠮᠡᠳᠡᠭᠡᠯᠡᠭᠰᠡᠨ ᠢ︽ᠲᠠᠰᠰ︾ ᠡᠩᠧᠨ᠋ᠲᠯᠢᠭ᠋ ᠮᠡᠳᠡᠭᠡᠯᠡᠯ᠎ᠡ᠃
ᠣᠷᠣᠰ ᠤᠨ ᠡᠳ᠋ ᠤᠨ ᠵᠠᠰᠠᠭ ᠤᠨ ᠬᠥᠭᠵᠢᠯ ᠤᠨ ᠰᠠᠶᠢᠳ ᠳ᠋ᠮᠢᠲᠷᠢ ᠸᠤᠯᠢᠸᠠᠼ︽ᠮᠣᠩᠭᠤᠯ ᠢ ᠰᠲᠷᠠᠲ᠋ᠧᠭᠢ ᠶᠢᠨ ᠴᠢᠬᠤᠯᠠ ᠲᠦᠩᠰᠢ︾ ᠭᠡᠳᠡᠭ ᠢ ᠲᠣᠳᠣᠳᠬᠠᠵᠤ᠂ ᠡᠳ᠋ ᠤᠨ ᠵᠠᠰᠠᠭ ᠤᠨ ᠺᠣᠷᠢᠳᠤᠷ ᠠᠰᠢᠭᠯᠠᠯᠲᠠ ᠳᠤ ᠣᠷᠣᠭᠰᠠᠨ ᠢᠶᠠᠷ ᠲᠡᠭᠡᠭᠡᠪᠦᠷᠢ᠂ ᠡᠷᠴᠢᠮ ᠬᠦᠴᠦ᠂ ᠠᠶᠠᠯᠠᠯ᠂ ᠵᠢᠭᠤᠯᠴᠢᠯᠠᠯ ᠵᠡᠷᠭᠡ 30 ᠭᠠᠷᠦᠢ ᠲᠥᠰᠥᠯ ᠬᠡᠷᠡᠭᠵᠢᠵᠦ᠂ ᠬᠤᠶᠠᠷ ᠤᠯᠤᠰ ᠤᠨ ᠬᠤᠳᠠᠯᠳᠤᠭ᠎ᠠ᠂ ᠡᠳ᠋ ᠤᠨ ᠵᠠᠰᠠᠭ ᠤᠯᠠᠮ ᠦᠷᠭᠡᠵᠢᠨ᠎ᠡ ᠭᠡᠳᠡᠭ ᠢ ᠣᠨᠴᠠᠯᠠᠯ᠎ᠠ᠃ 2021 ᠣᠨ ᠤ ᠪᠠᠶᠢᠳᠠᠯ ᠢᠶᠠᠷ ᠮᠣᠩᠭᠤᠯ ᠤᠯᠤᠰ ᠤᠨ ᠨᠡᠶᠢᠲᠡ ᠢᠮᠫᠣᠷᠲ ᠤᠨ ᠪᠠᠷᠠᠭ᠎ᠠ᠂ ᠪᠦᠲᠦᠭᠡᠭᠳᠡᠬᠦᠨ ᠤ 26.8 ᠬᠤᠪᠢ᠂ ᠡᠺᠰᠫᠣᠷᠲ ᠤᠨ 1.3 ᠬᠤᠪᠢ ᠶᠢ ᠣᠷᠣᠰ ᠪᠦᠷᠢᠳᠦᠭᠦᠯᠵᠦ ᠪᠠᠶᠢᠭ᠎ᠠ ᠶᠤᠮ᠃