ᠡᠩᠬᠡ ᠶᠢ ᠰᠠᠬᠢᠭᠤᠯᠤᠭᠴᠢᠳ ᠤᠨ ᠲᠤᠭ᠎ᠠ ᠪᠠᠷ ᠳᠡᠯᠡᠬᠡᠢ ᠳᠤ ᠳᠡᠭᠡᠭᠦᠷ ᠲᠤ ᠣᠷᠣᠳᠠᠭ ᠨᠢ ᠮᠣᠩᠭᠤᠯ ᠤᠯᠤᠰ | News.MN

ᠡᠩᠬᠡ ᠶᠢ ᠰᠠᠬᠢᠭᠤᠯᠤᠭᠴᠢᠳ ᠤᠨ ᠲᠤᠭ᠎ᠠ ᠪᠠᠷ ᠳᠡᠯᠡᠬᠡᠢ ᠳᠤ ᠳᠡᠭᠡᠭᠦᠷ ᠲᠤ ᠣᠷᠣᠳᠠᠭ ᠨᠢ ᠮᠣᠩᠭᠤᠯ ᠤᠯᠤᠰ

ᠣᠯᠠᠨ ᠤᠯᠤᠰ ᠤᠨ ᠡᠩᠬᠡ ᠶᠢ ᠰᠠᠬᠢᠭᠤᠯᠤᠭᠴᠢᠳ ᠤᠨ ᠡᠳᠦᠷ᠂ ᠮᠣᠩᠭᠤᠯ ᠴᠡᠷᠢᠭ ᠡᠩᠬᠡ ᠶᠢ ᠳᠡᠮᠵᠢᠬᠦ ᠠᠵᠢᠯᠯᠠᠭᠠᠨ ᠳᠤ ᠣᠷᠣᠯᠴᠠᠵᠤ ᠡᠬᠢᠯᠡᠭᠰᠡᠨ ᠤ 20 ᠵᠢᠯ ᠤᠨ ᠣᠢ ᠶᠢᠨ ᠴᠡᠷᠢᠭ ᠤᠨ ᠶᠣᠰᠣᠯᠠᠯ ᠤᠨ ᠵᠢᠭᠰᠠᠭᠠᠯ ᠵᠠᠩᠵᠤᠨ ᠳ᠋᠊·ᠰᠦᠬᠡᠪᠠᠭᠠᠲᠤᠷ ᠤᠨ ᠲᠠᠯᠠᠪᠠᠢ ᠳᠤ ᠪᠣᠯᠣᠯ᠎ᠠ᠃ ᠮᠣᠩᠭᠤᠯ ᠤᠯᠤᠰ ᠤᠨ ᠶᠡᠷᠦᠩᠬᠡᠶᠢᠯᠡᠭᠴᠢ᠂ ᠵᠡᠪᠰᠡᠭᠲᠦ ᠬᠦᠴᠦᠨ ᠤ ᠶᠡᠷᠦᠩᠬᠡᠶ ᠺᠣᠮᠠᠨᠳ᠋ᠯᠠᠭᠴᠢ ᠤᠬᠤᠨ᠎ᠠ ᠶᠢᠨ ᠬᠦᠷᠡᠯᠰᠦ᠋ᠬᠡ ᠵᠢᠭᠰᠠᠭᠠᠯ ᠢ ᠨᠡᠭᠡᠭᠡᠵᠦ ᠬᠡᠯᠡᠭᠰᠡᠨ ᠦᠭᠡ ᠶᠢ ᠪᠦᠷᠢᠠ ᠡᠬᠡ ᠪᠠᠷ ᠨᠢ ᠬᠦᠷᠭᠡᠵᠦ ᠪᠠᠶᠢᠨ᠎ᠡ᠄
ᠲᠠ ᠪᠦᠬᠦᠨ ᠳᠤ ᠣᠯᠠᠨ ᠤᠯᠤᠰ ᠤᠨ ᠡᠩᠬᠡ ᠶᠢ ᠰᠠᠬᠢᠭᠤᠯᠤᠭᠴᠢᠳ ᠤᠨ ᠡᠳᠦᠷ᠂ ᠮᠣᠩᠭᠤᠯ ᠴᠡᠷᠢᠭ ᠡᠩᠬᠡ ᠶᠢ ᠳᠡᠮᠵᠢᠬᠦ ᠠᠵᠢᠯᠯᠠᠭᠠᠨ ᠳᠤ ᠣᠷᠣᠯᠴᠠᠵᠤ ᠡᠬᠢᠯᠡᠭᠰᠡᠨ ᠤ ᠲᠡᠦᠬᠡᠲᠦ 20 ᠵᠢᠯ ᠤᠨ ᠣᠢ ᠶᠢᠨ ᠪᠠᠶᠠᠷ ᠤᠨ ᠮᠡᠨᠳᠦ ᠶᠢ ᠡᠷᠭᠦᠨ ᠳᠡᠪᠰᠢᠭᠦᠯᠦᠶ᠎ᠡ᠃ 2002 ᠣᠨ ᠳᠤ ᠮᠣᠩᠭᠤᠯ ᠤᠯᠤᠰ ᠴᠡᠷᠢᠭ ᠤᠨ ᠠᠵᠢᠭᠯᠠᠭᠴᠢ ᠠᠩᠬᠠᠨ ᠤ ᠬᠤᠶᠠᠷ ᠣᠹᠢᠼᠧᠷ ᠢᠶᠠᠨ ᠪᠦᠬᠦᠳᠠ ᠨᠠᠶᠢᠷᠠᠮᠳᠠᠬᠤ ᠠᠷᠠᠳᠴᠢᠯᠠᠭᠰᠠᠨ ᠺᠤᠩᠭᠤ᠋ ᠤᠯᠤᠰ ᠲᠤ ᠡᠩᠬᠡ ᠶᠢ ᠳᠡᠮᠵᠢᠬᠦ ᠠᠵᠢᠯᠯᠠᠭᠠᠨ ᠳᠤ ᠢᠯᠡᠭᠡᠭᠰᠡᠨ ᠠᠴᠠ ᠬᠤᠶᠢᠰᠢ 20 ᠭᠠᠷᠦᠢ ᠮᠢᠩᠭᠠᠨ ᠴᠡᠷᠢᠭ ᠳᠠᠢᠴᠢᠳ ᠢᠶᠠᠨ ᠬᠥᠮᠦᠨ ᠲᠥᠷᠥᠯᠬᠢᠲᠡᠨ ᠤ ᠡᠩᠬᠡ ᠲᠠᠶᠢᠪᠤᠩ᠂ ᠠᠶᠤᠯᠭᠦᠢ ᠪᠠᠶᠢᠳᠠᠯ ᠤᠨ ᠲᠥᠯᠥᠭᠡ ᠦᠢᠯᠡᠰ ᠲᠤ ᠣᠷᠣᠯᠴᠠᠭᠤᠯᠵᠤ᠂ ᠮᠣᠩᠭᠤᠯ ᠴᠡᠷᠢᠭ ᠳᠡᠯᠡᠬᠡᠢ ᠶᠢᠨ ᠴᠡᠷᠢᠭ ᠪᠣᠯᠣᠯ᠎ᠠ᠃
ᠮᠠᠨ ᠤ ᠤᠯᠤᠰ ᠥᠨᠥᠳᠥᠷ ᠴᠡᠷᠢᠭ ᠬᠠᠨᠳᠢᠪᠯᠠᠭᠴᠢ ᠣᠷᠣᠨ ᠨᠤᠭᠤᠳ ᠤᠨ ᠳᠣᠲᠣᠷ᠎ᠠ ᠡᠩᠬᠡ ᠶᠢ ᠰᠠᠬᠢᠭᠤᠯᠤᠭᠴᠢᠳ ᠤᠨ ᠲᠤᠭ᠎ᠠ ᠪᠠᠷ 24 ᠳ᠋ᠦ᠋ᠭᠡᠷ ᠲᠤ᠂ ᠡᠮᠡᠭᠳᠡᠢ ᠡᠩᠬᠡ ᠶᠢ ᠰᠠᠬᠢᠭᠤᠯᠤᠭᠴᠢᠳ ᠤᠨ ᠲᠤᠭ᠎ᠠ ᠪᠠᠷ 17  ᠳ᠋ᠤᠭᠠᠷ ᠲᠤ ᠵᠢᠭᠰᠠᠵᠤ ᠪᠠᠶᠢᠭ᠎ᠠ ᠨᠢ ᠮᠣᠩᠭᠤᠯ  ᠤᠯᠤᠰ ᠡᠩᠬᠡ ᠶᠢ ᠡᠷᠬᠢᠮᠯᠡᠭᠴᠢ ᠣᠷᠣᠨ ᠪᠣᠯᠬᠤ ᠶᠢᠨ ᠪᠣᠳᠠᠲᠤ ᠪᠡᠳᠦᠯᠠᠭ᠎ᠠ ᠪᠣᠯᠵᠤ ᠪᠠᠶᠢᠨ᠎ᠡ᠃
ᠴᠡᠩᠭᠡᠷ ᠳᠤᠭᠤᠯᠠᠭᠠᠲᠠᠨ ᠳᠠᠶᠢᠴᠢᠳ ᠮᠠᠨᠢ ᠡᠷᠡᠰᠳᠡᠯ ᠲᠠᠢ ᠪᠥᠭᠡᠳ ᠬᠠᠷᠢᠭᠤᠴᠠᠯᠭ᠎ᠠ ᠲᠠᠢ ᠡᠭᠦᠷᠭᠡ ᠪᠠᠨ ᠨᠡᠷ᠎ᠡ ᠲᠥᠷᠥ ᠲᠠᠢ ᠭᠦᠢᠴᠡᠳᠬᠡᠬᠦ ᠳᠤ ᠨᠠᠶᠢᠳᠠᠪᠤᠷᠢ ᠲᠠᠢ ᠠᠷᠤ ᠲᠡᠯ᠎ᠠ ᠨᠢ ᠪᠣᠯᠵᠤ᠂ ᠦᠷ᠎ᠡ ᠬᠡᠦᠬᠡᠳ ᠢᠶᠠᠨ ᠥᠰᠬᠡᠨ ᠬᠥᠮᠥᠵᠢᠭᠦᠯᠵᠦ᠂ ᠠᠷᠤ ᠭᠡᠷ ᠢᠶᠡᠨ ᠠᠪᠴᠤ ᠶᠠᠪᠤᠬᠤ ᠠᠴᠢᠶᠠᠨ ᠤ ᠬᠦᠨᠳᠦ ᠶᠢ ᠡᠭᠦᠷᠴᠦ᠂ ᠶᠣᠰᠣ ᠰᠤᠷᠲᠠᠬᠤᠨ ᠤ ᠥᠨᠳᠦᠷᠯᠢᠭ ᠲᠤ ᠢᠮᠠᠭᠲᠠ ᠪᠠᠶᠢᠳᠠᠭ ᠲᠠ ᠪᠦᠬᠦᠨ ᠤ ᠬᠠᠨᠢ  ᠢᠵᠢᠯ᠂ ᠦᠷ᠎ᠡ ᠬᠡᠦᠬᠡᠳ᠂ ᠲᠥᠷᠥᠯ  ᠲᠦᠷᠦᠭᠰᠡᠳ ᠲᠤ ᠪᠠᠶᠠᠷ ᠤᠨ ᠮᠡᠨᠳᠦ ᠬᠦᠷᠭᠡᠵᠦ᠂ ᠴᠢᠩ ᠰᠡᠳᠬᠢᠯ ᠤᠨ ᠲᠠᠯᠠᠷᠬᠠᠯ ᠳᠡᠪᠰᠢᠭᠦᠯᠦᠶ᠎ᠡ᠃ ᠮᠣᠩᠭᠤᠯ ᠴᠡᠷᠢᠭ ᠤᠨ ᠢᠷᠠᠭᠤ ᠠᠯᠳᠡᠷ ᠮᠠᠨᠳᠤᠨ ᠪᠠᠳᠠᠷᠠᠬᠤ ᠪᠤᠯᠲᠦᠭᠠᠢ᠃

 

ᠰᠡᠳᠬᠢᠭᠳᠡᠯ ᠦᠯᠡᠳᠡᠭᠡᠬᠦ