︽Logistics Forum – 2022︾ ᠤᠨ ᠦᠶ᠎ᠡ ᠪᠠᠷ ᠵᠡᠮ ᠲᠡᠭᠡᠭᠡᠪᠦᠷᠢ ᠶᠢᠨ ᠬᠥᠭᠵᠢᠯ ᠤᠨ ᠰᠠᠶᠢᠳ ᠯ᠊·ᠬᠠᠯᠲᠠᠷ ᠲᠡᠷᠡᠭᠠᠬᠢ ᠮᠡᠳᠡᠭᠡᠯᠡᠯ ᠢ ᠥᠭᠭᠦᠯ᠎ᠡ᠃ ᠲᠡᠷᠡ ᠪᠠᠷ᠄ COVID 19 ᠴᠠᠷ᠎ᠠ ᠲᠠᠬᠤᠯ ᠤᠨ ᠦᠶ᠎ᠡ ᠳᠤ ᠪᠦᠬᠦ ᠲᠥᠷᠥᠯ ᠤᠨ ᠲᠡᠭᠡᠭᠡᠪᠦᠷᠢ ᠪᠠᠷ ᠨᠡᠶᠢᠲᠡ 49.1 ᠰᠠᠶ᠎ᠠ ᠲᠣᠨ ᠠᠴᠢᠶ᠎ᠠ ᠲᠡᠭᠡᠭᠡᠪᠦᠷᠢᠯᠡᠭᠰᠡᠨ ᠪᠠᠶᠢᠨ᠎ᠡ᠃ ᠡᠨᠡ ᠨᠢ ᠡᠮᠦᠨᠡᠬᠢ ᠣᠨ ᠤ ᠮᠦᠠ ᠦᠶ᠎ᠡ ᠠᠴᠠ 11.1 ᠰᠠᠶ᠎ᠠ ᠲᠣᠨ ᠪᠤᠶᠤ 18.5 ᠬᠤᠪᠢ ᠪᠠᠷ ᠪᠠᠭᠤᠷᠠᠭᠰᠠᠨ ᠦᠵᠡᠭᠦᠯᠦᠯᠲᠡ ᠶᠤᠮ᠃
ᠴᠢᠨᠠᠭᠰᠢᠳᠠ ᠪᠠᠨ ᠢᠮᠫᠣᠷᠲ ᠤᠨ ᠪᠤᠯᠦᠠ ᠡᠺᠰᠫᠣᠷᠲ ᠤᠨ ᠠᠴᠢᠶ᠎ᠠ ᠶᠢ ᠪᠣᠯᠤᠮᠵᠢᠲᠤ ᠪᠦᠬᠦ ᠪᠣᠭᠤᠮᠲᠠ ᠶᠢ ᠠᠰᠢᠭᠯᠠᠨ ᠲᠡᠭᠡᠭᠡᠪᠦᠷᠢᠯᠡᠵᠦ ᠬᠦᠴᠦᠨ ᠴᠢᠳᠠᠯ ᠢᠶᠠᠨ ᠨᠡᠮᠡᠭᠳᠡᠭᠦᠯᠬᠦ ᠶᠢ ᠵᠣᠷᠢᠵᠤ ᠪᠠᠶᠢᠨ᠎ᠡ᠃ ᠲᠤᠬᠠᠶᠢᠯᠠᠪᠠᠯ᠂ ᠪᠣᠭᠤᠮᠲᠠ ᠨᠤᠭᠤᠳ ᠤᠨ ᠳᠡᠳ᠋ ᠪᠦᠲᠦᠴᠡ ᠶᠢ ᠬᠥᠭᠵᠢᠭᠦᠯᠬᠦ᠂ ᠠᠴᠢᠶ᠎ᠠ ᠪᠤᠯᠦᠠ ᠵᠣᠷᠴᠢᠭᠴᠢ ᠨᠡᠪᠲᠡᠷᠡᠭᠦᠯᠬᠦ ᠬᠦᠴᠦᠨ ᠴᠢᠳᠡᠯ᠂ ᠡᠺᠰᠫᠣᠷᠲ ᠢ ᠨᠡᠮᠡᠭᠳᠡᠭᠦᠯᠬᠦ᠂ ᠬᠢᠯᠢ ᠶᠢᠨ ᠪᠣᠭᠤᠮᠲᠠ ᠨᠤᠭᠤᠳ ᠢ ᠬᠠᠲᠠᠭᠤ ᠬᠤᠴᠢᠯᠲᠠ ᠲᠠᠢ ᠠᠦ᠋ᠲ᠋ᠣ᠋ ᠵᠡᠮ ᠪᠤᠯᠦᠠ ᠲᠡᠮᠦᠷ ᠵᠠᠮ ᠢᠶᠠᠷ ᠬᠤᠯᠪᠦᠬᠤ᠂ ᠠᠭᠠᠷ ᠤᠨ ᠵᠠᠢ ᠶᠢᠨ ᠠᠰᠢᠭᠯᠠᠯᠲᠠ ᠶᠢ ᠰᠠᠶᠢᠵᠢᠷᠠᠭᠤᠯᠵᠤ ᠳᠡᠮᠵᠢᠨ ᠦᠡᠭᠭᠡᠷᠡᠬᠦ ᠨᠢᠰᠦᠯᠭᠡ ᠶᠢᠨ ᠲᠤᠭ᠎ᠠ ᠶᠢ ᠨᠡᠮᠡᠭᠳᠡᠭᠦᠯᠬᠦ ᠵᠡᠷᠭᠡ ᠵᠣᠷᠢᠯᠲᠠ ᠲᠠᠯᠪᠢᠭᠰᠠᠨ ᠭᠡᠪᠡ᠃