ᠫᠤᠯᠠᠨᠳ᠋ ᠲᠠᠢ ᠮᠠᠰᠢᠨ ᠲᠡᠷᠭᠡᠨ ᠦ ᠲᠡᠭᠡᠭᠡᠪᠦᠷᠢ ᠶᠢᠨ ᠬᠠᠷᠢᠯᠴᠠᠭᠠᠨ ᠤ ᠬᠡᠯᠡᠯᠴᠡᠭᠡᠷ ᠪᠠᠶᠢᠭᠤᠯᠤᠨ᠎ᠠ | News.MN

ᠫᠤᠯᠠᠨᠳ᠋ ᠲᠠᠢ ᠮᠠᠰᠢᠨ ᠲᠡᠷᠭᠡᠨ ᠦ ᠲᠡᠭᠡᠭᠡᠪᠦᠷᠢ ᠶᠢᠨ ᠬᠠᠷᠢᠯᠴᠠᠭᠠᠨ ᠤ ᠬᠡᠯᠡᠯᠴᠡᠭᠡᠷ ᠪᠠᠶᠢᠭᠤᠯᠤᠨ᠎ᠠ

ᠭᠠᠳᠠᠭᠠᠳᠤ ᠬᠠᠷᠢᠯᠴᠠᠭᠠᠨ ᠤ ᠰᠠᠶᠢᠳ ᠪ∙ᠪᠠᠲᠤᠴᠡᠴᠡᠭ᠂ ᠪᠦᠭᠦᠳᠡ ᠨᠠᠢᠷᠠᠮᠳᠠᠬᠤ ᠫᠤᠯᠠᠨᠳ᠋ ᠤᠯᠤᠰ ᠤᠨ ᠭᠠᠳᠠᠭᠠᠳᠤ ᠬᠡᠷᠡᠭ ᠤᠨ ᠰᠠᠶᠢᠳ ᠵ᠊·ᠷᠠᠤ  ᠨᠠᠷ ᠠᠯᠪᠠᠨ ᠶᠣᠰᠣᠨ ᠤ ᠬᠡᠯᠡᠯᠴᠡᠭᠡ ᠬᠢᠵᠦ᠂ ᠣᠯᠠᠨ ᠤᠯᠤᠰ ᠤᠨ ᠠᠦ᠋ᠲ᠋ᠣ᠋ ᠮᠠᠰᠢᠨ ᠤ ᠲᠡᠭᠡᠭᠡᠪᠦᠷᠢ ᠶᠢᠨ ᠬᠠᠷᠢᠯᠴᠠᠭᠠᠨ ᠤ ᠲᠤᠬᠠᠶ ᠮᠣᠩᠭᠤᠯ ᠤᠯᠤᠰ ᠤᠨ ᠵᠠᠰᠠᠭ ᠤᠨ ᠭᠠᠵᠠᠷ ᠪᠤᠯᠦᠠ ᠪᠦᠭᠦᠳᠡ ᠨᠠᠢᠷᠠᠮᠳᠠᠬᠤ ᠫᠤᠯᠠᠨᠳ᠋ ᠤᠯᠤᠰ  ᠤᠨ ᠵᠠᠰᠠᠭ ᠤᠨ ᠭᠠᠵᠠᠷ ᠬᠤᠭᠤᠷᠤᠨᠳᠤ ᠶᠢᠨ ᠬᠡᠯᠡᠯᠴᠡᠭᠡᠷ ᠢ ᠣᠶᠢᠷ᠎ᠠ ᠶᠢᠨ ᠬᠤᠭᠤᠴᠠᠭᠠᠨ ᠳᠤ ᠪᠠᠶᠢᠭᠤᠯᠬᠤ ᠪᠠᠷ ᠲᠣᠬᠢᠷᠠᠯᠴᠠᠭᠰᠠᠨ ᠪᠠᠶᠢᠨ᠎ᠡ᠃
ᠲᠡᠭᠦᠨᠴᠢᠯᠡᠨ ᠲᠠᠪᠤᠨᠲᠤᠯᠤᠭᠠᠢ ᠶᠢᠨ ᠳᠤᠯᠠᠭᠠᠨ ᠤ ᠴᠠᠬᠢᠯᠭᠠᠨ ᠰᠲ᠋ᠠᠨᠼ ᠪᠤᠯᠦᠠ ᠳᠡᠳ᠋ ᠪᠦᠲᠦᠴᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠳᠤ ᠬᠠᠮᠲᠤᠷᠠᠨ ᠠᠵᠢᠯᠯᠠᠬᠤ ᠬᠦᠰᠡᠯ ᠲᠠᠢ ᠪᠠᠨ ᠫᠤᠯᠠᠨᠳ᠋  ᠤᠨ ᠲᠠᠯ᠎ᠠ ᠢᠯᠡᠷᠬᠡᠶᠢᠯᠡᠵᠡᠢ᠃ ᠲᠡᠳᠡ ᠮᠦᠠ ᠬᠤᠶᠠᠷ ᠣᠷᠣᠨ ᠤ ᠬᠠᠮᠲᠤ ᠶᠢᠨ ᠠᠵᠢᠯᠯᠠᠭ᠎ᠠ ᠶᠢ ᠴᠢᠨᠠᠭᠰᠢᠳᠠ ᠬᠤᠳᠠᠯᠳᠤᠭ᠎ᠠ᠂ ᠡᠳ᠋ ᠤᠨ ᠵᠠᠰᠠᠭ᠂ ᠴᠠᠬᠢᠮ ᠬᠥᠭᠵᠢᠯ᠂ ᠪᠣᠯᠪᠠᠰᠤᠷᠠᠯ᠂ ᠰᠤᠶᠦᠯ ᠤᠷᠠᠯᠢᠭ᠂ ᠪᠠᠶᠢᠭᠠᠯᠢ ᠣᠷᠴᠢᠨ ᠵᠡᠷᠭᠡ ᠣᠯᠠᠨ ᠰᠠᠯᠪᠤᠷᠢ ᠳᠤ ᠬᠥᠭᠵᠢᠭᠦᠯᠬᠦ ᠲᠠᠯ᠎ᠠ ᠪᠠᠷ ᠶᠠᠷᠢᠯᠴᠠᠭᠰᠠᠨ ᠪᠠᠶᠢᠨ᠎ᠡ᠃

ᠰᠡᠳᠬᠢᠭᠳᠡᠯ ᠦᠯᠡᠳᠡᠭᠡᠬᠦ