ᠬᠦᠨᠡᠰᠦᠨ ᠤ ᠰᠢᠨ᠎ᠡ ᠪᠦᠲᠦᠭᠡᠭᠳᠡᠬᠦᠨ ᠤ ᠦᠵᠡᠰᠬᠦᠯᠡᠩ ᠬᠤᠳᠠᠯᠳᠤᠭ᠎ᠠ ᠡᠬᠢᠯᠡᠯ᠎ᠡ | News.MN

ᠬᠦᠨᠡᠰᠦᠨ ᠤ ᠰᠢᠨ᠎ᠡ ᠪᠦᠲᠦᠭᠡᠭᠳᠡᠬᠦᠨ ᠤ ᠦᠵᠡᠰᠬᠦᠯᠡᠩ ᠬᠤᠳᠠᠯᠳᠤᠭ᠎ᠠ ᠡᠬᠢᠯᠡᠯ᠎ᠡ

ᠮᠣᠩᠭᠤᠯ ᠤᠯᠤᠰ ᠤᠨ ᠶᠡᠷᠦᠩᠬᠡᠶᠢᠯᠡᠭᠴᠢ ᠶᠢᠨ ᠢᠪᠡᠭᠡᠯ ᠳᠤᠤᠷ᠎ᠠ ᠳᠣᠲᠣᠭᠠᠳᠤ ᠶᠢᠨ ᠬᠦᠨᠡᠰᠦ ᠦᠢᠯᠡᠳᠪᠦᠷᠢᠯᠡᠭᠴᠢ ᠻᠣᠮᠫᠠᠨᠢ᠂ ᠠᠵᠤ ᠠᠬᠤᠢ ᠶᠢᠨ ᠨᠢᠭᠡᠴᠢ ᠨᠤᠭᠦᠳ ᠤᠨ ᠰᠢᠨ᠎ᠡ ᠪᠦᠲᠦᠭᠡᠭᠳᠡᠬᠦᠨ ᠤ ᠬᠢᠮᠳᠠᠷᠠᠯ ᠲᠠᠢ᠂ ᠤᠷᠮᠠᠰᠢᠭᠤᠯᠤᠯᠲᠤ  ᠦᠵᠡᠰᠬᠦᠯᠡᠩ᠂ ᠬᠤᠳᠠᠯᠳᠤᠭ᠎ᠠ ᠲᠦᠪ ᠲᠠᠯᠠᠪᠠᠢ ᠳᠤ ᠥᠨᠥᠳᠥᠷ ᠡᠬᠢᠯᠡᠯ᠎ᠡ᠃ ᠨᠠᠢ᠌ᠮᠠᠨ ᠪᠤᠯᠲᠠᠯ᠎ᠠ ᠦᠷᠬᠦᠯᠵᠢᠯᠡᠬᠦ ᠤᠭ ᠦᠵᠡᠰᠬᠦᠯᠡᠩ ᠬᠤᠳᠠᠯᠳᠤᠭᠠᠨ ᠳᠤ ᠦᠨᠳᠦᠰᠦᠨ ᠤ ᠲᠣᠳᠣᠳᠬᠠᠯ ᠲᠠᠢ᠂ ᠰᠠᠯᠪᠤᠷᠢ ᠰᠠᠯᠪᠤᠷᠢ ᠳᠠᠭᠠᠨ ᠮᠠᠩᠯᠠᠶᠢᠯᠠᠭᠴᠢ ᠦᠢᠯᠡᠳᠪᠦᠷᠢᠯᠡᠭᠴᠢ ᠨᠠᠷ ᠣᠷᠣᠯᠴᠠᠵᠤ᠂ ᠰᠢᠨ᠎ᠡ ᠰᠢᠨ᠎ᠡ ᠪᠦᠲᠦᠭᠡᠭᠳᠡᠬᠦᠨ ᠢᠶᠠᠨ ᠳᠡᠯᠭᠡᠨ ᠲᠠᠨᠢᠯᠴᠠᠭᠤᠯᠵᠤ ᠪᠠᠶᠢᠨ᠎ᠡ᠃

ᠲᠤᠬᠠᠶᠢᠯᠠᠪᠠᠯ᠂︽ᠮᠣᠩ ᠵᠦᠰ︾ᠻᠣᠮᠫᠠᠨᠢ ᠮᠣᠩᠭᠣᠯ ᠤᠨ ᠠᠩᠬᠠᠨ ᠤ ᠡᠷᠦᠳᠡᠰᠦᠲᠦ ᠠᠷᠲ᠋ᠧᠽᠢᠶᠠᠨ ᠴᠡᠪᠡᠷ ᠤᠰᠤ ᠬᠤᠳᠠᠯᠳᠤᠭᠠᠨ ᠳᠤ ᠭᠠᠷᠭᠠᠵᠠᠢ᠃︽ᠮᠢᠬ᠎ᠠ ᠢᠮᠫᠢᠺᠰ︾ᠻᠣᠮᠫᠠᠨᠢ ᠰᠢᠨ᠎ᠡ ᠪᠠᠷ ᠬᠤᠳᠠᠯᠳᠤᠭᠠᠨ ᠳᠤ ᠭᠠᠷᠭᠠᠭᠰᠠᠨ ᠪᠷᠧᠨ᠋ᠳ᠋ ᠪᠦᠲᠦᠭᠡᠭᠳᠡᠬᠦᠨ ᠤ ᠪᠠᠨ ᠠᠮᠲᠠᠯᠠᠭ᠎ᠠ᠂ ᠲᠠᠨᠢᠯᠴᠠᠭᠤᠯᠭ᠎ᠠ᠂ ᠪᠣᠷᠣᠯᠠᠭᠤᠯᠤᠯᠲᠠ ᠶᠢ ᠬᠢᠵᠦ ᠪᠠᠶᠢᠨ᠎ᠡ᠃
 

ᠰᠡᠳᠬᠢᠭᠳᠡᠯ ᠦᠯᠡᠳᠡᠭᠡᠬᠦ