ᠫᠤᠯᠠᠨᠳ᠋ ᠤᠨ ᠭᠠᠳᠠᠭᠠᠳᠤ ᠬᠡᠷᠡᠭ ᠤᠨ ᠰᠠᠶᠢᠳ ᠤᠨ ᠠᠶᠢᠯᠴᠢᠯᠠᠯ ᠥᠨᠳᠥᠷᠯᠡᠯ᠎ᠡ | News.MN

ᠫᠤᠯᠠᠨᠳ᠋ ᠤᠨ ᠭᠠᠳᠠᠭᠠᠳᠤ ᠬᠡᠷᠡᠭ ᠤᠨ ᠰᠠᠶᠢᠳ ᠤᠨ ᠠᠶᠢᠯᠴᠢᠯᠠᠯ ᠥᠨᠳᠥᠷᠯᠡᠯ᠎ᠡ

ᠪᠦᠬᠦᠳᠠ ᠨᠠᠶᠢᠷᠠᠮᠳᠠᠬᠤ ᠫᠤᠯᠠᠨᠳ᠋ ᠤᠯᠤᠰ ᠤᠨ ᠭᠠᠳᠠᠭᠠᠳᠤ ᠬᠡᠷᠡᠭ ᠤᠨ ᠰᠠᠶᠢᠳ ᠪᠥᠭᠡᠳ ᠡᠸᠦ᠋ᠷᠦᠫᠡ ᠶᠢᠨ ᠠᠶᠤᠯᠭᠦᠢ ᠪᠠᠶᠢᠳᠠᠯ᠂ ᠬᠠᠮᠲᠤ ᠶᠢᠨ ᠠᠵᠢᠯᠯᠠᠭᠠᠨ ᠤ ᠪᠠᠶᠢᠭᠤᠯᠤᠯᠭ᠎ᠠ ᠶᠢᠨ 2022 ᠣᠨ ᠤ ᠳᠠᠷᠤᠭ᠎ᠠ ᠵ᠊·ᠷᠠᠤ ᠶᠢᠨ ᠮᠣᠩᠭᠤᠯ ᠤᠯᠤᠰ ᠲᠤ ᠬᠢᠭᠰᠡᠨ ᠠᠯᠪᠠᠨ ᠶᠣᠰᠣᠨ ᠤ ᠠᠶᠢᠯᠴᠢᠯᠠᠯ ᠠᠮᠵᠢᠯᠲᠠᠲᠠᠶ ᠪᠣᠯᠪᠠ᠃ ᠲᠡᠷᠡ ᠶᠡᠷᠦᠩᠬᠡᠶᠢᠯᠡᠭᠴᠢ ᠤ᠊ ·ᠬᠦᠷᠡᠯᠰᠦ᠋ᠬᠡ ᠳᠤ ᠪᠠᠷᠠᠭᠠᠯᠠᠵᠤ᠂ ᠭᠠᠳᠠᠭᠠᠳᠤ ᠬᠠᠷᠢᠯᠴᠠᠭᠠᠨ ᠤ ᠰᠠᠶᠢᠳ ᠪ∙ ᠪᠠᠲᠤᠴᠡᠴᠡᠭ ᠲᠠᠢ ᠠᠯᠪᠠᠨ ᠶᠣᠰᠣᠨ ᠤ ᠬᠡᠯᠡᠯᠴᠡᠭᠡ ᠬᠢᠯ᠎ᠡ᠃
ᠡᠨᠡ ᠬᠦ ᠠᠶᠢᠯᠴᠢᠯᠠᠯ ᠤᠨ ᠬᠦᠷᠢᠶᠡᠨ ᠳᠤ ᠮᠣᠩᠭᠤᠯ᠂ ᠫᠤᠯᠠᠨᠳ᠋ ᠤᠨ ᠨᠠᠶᠢᠷᠰᠠᠭ ᠬᠠᠷᠢᠯᠴᠠᠭ᠎ᠠ ᠶᠢ ᠥᠷᠭᠡᠵᠢᠭᠦᠯᠦᠨ ᠲᠡᠯᠡᠬᠦ᠂ ᠬᠤᠶᠠᠷ ᠲᠠᠯ᠎ᠠ ᠶᠢᠨ ᠬᠠᠮᠲᠤ ᠶᠢᠨ ᠠᠵᠢᠯᠯᠠᠭ᠎ᠠ ᠶᠢ ᠡᠷᠴᠢᠮᠵᠢᠭᠦᠯᠵᠦ᠂ ᠰᠢᠨ᠎ᠡ ᠠᠭᠤᠯᠭ᠎ᠠ ᠪᠠᠷ ᠪᠠᠶᠠᠵᠢᠭᠤᠯᠬᠤ ᠲᠠᠯ᠎ᠠ ᠪᠠᠷ ᠰᠠᠨᠠᠯ ᠰᠣᠯᠢᠯᠴᠠᠵᠤ᠂ ᠡᠳ᠋ ᠤᠨ ᠵᠠᠰᠠᠭ᠂ ᠰᠤᠶᠦᠯ᠂ ᠪᠣᠯᠪᠠᠰᠤᠷᠠᠯ᠂ ᠡᠷᠴᠢᠮ ᠬᠦᠴᠦ ᠵᠡᠷᠭᠡ ᠰᠠᠯᠪᠤᠷᠢ ᠶᠢᠨ ᠬᠠᠮᠲᠤ ᠶᠢᠨ ᠠᠵᠢᠯᠯᠠᠭᠠᠨ ᠤ ᠵᠠᠷᠢᠮ ᠲᠣᠳᠤᠷᠬᠠᠶ ᠲᠣᠬᠢᠷᠠᠯᠴᠠᠭᠠᠨ ᠳᠤ ᠬᠦᠷᠦᠯ᠎ᠡ ᠭᠡᠵᠦ  ᠭᠠᠳᠠᠭᠠᠳᠤ ᠬᠠᠷᠢᠯᠴᠠᠭᠠᠨ ᠤ ᠶᠠᠮᠤᠨ ᠠᠴᠠ ᠮᠡᠳᠡᠭᠡᠯᠡᠯ᠎ᠡ᠃

ᠰᠡᠳᠬᠢᠭᠳᠡᠯ ᠦᠯᠡᠳᠡᠭᠡᠬᠦ