ᠮᠣᠩᠭᠤᠯ ᠤᠯᠤᠰ ᠤᠨ ᠶᠡᠷᠦᠩᠬᠡᠶᠢᠯᠡᠭᠴᠢ ᠤ᠊·ᠬᠦᠷᠡᠯᠰᠦ᠋ᠬᠡ ᠬᠦᠨᠡᠰᠦᠨ ᠤ ᠮᠡᠩᠯᠡᠢ ᠦᠢᠯᠡᠳᠪᠦᠷᠢ︽ᠥᠭᠭᠦᠭᠡᠵᠢ ᠰᠢᠬᠢᠷ ᠪᠣᠣᠪᠤ︾ ᠺᠤᠮᠫᠠᠨᠢ ᠳᠤ ᠠᠵᠢᠯᠯᠠᠯ᠎ᠠ᠃ ᠺᠣᠮᠫᠠᠨᠢ ᠶᠢᠨ ᠶᠡᠷᠦᠩᠬᠡᠶ ᠵᠠᠬᠢᠷᠤᠯ ᠰ᠊·ᠲᠦᠮᠡᠨᠭᠡᠷᠡᠯ᠄ ᠲᠥᠷᠦ ᠵᠠᠰᠠᠭ ᠤᠨ ᠪᠣᠳᠤᠯᠭ᠎ᠠ᠂ ᠰᠢᠢᠳᠪᠦᠷᠢ ᠲᠣᠳᠤᠷᠬᠠᠶ᠂ ᠲᠣᠭᠲᠠᠪᠤᠷᠢᠲᠠᠶ ᠪᠠᠶᠢᠬᠤ᠂ ᠲᠥᠷᠦ ᠶᠢᠨ ᠪᠦᠬᠦ ᠱᠠᠲᠤᠨ ᠤ ᠪᠠᠶᠢᠭᠤᠯᠤᠯᠭ᠎ᠠ᠂ ᠬᠤᠪᠢ ᠶᠢᠨ ᠬᠡᠪᠰᠢᠯ᠂ ᠢᠷᠭᠡᠳ ᠬᠠᠮᠲᠤᠷᠠᠬᠤ᠂ ᠲᠥᠷᠦ ᠶᠢᠨ ᠪᠠᠶᠢᠭᠤᠯᠤᠯᠭ᠎ᠠ ᠨᠤᠭᠤᠳ ᠬᠤᠭᠤᠷᠤᠨᠳᠤ ᠶᠢᠨ ᠤᠶᠠᠯᠳᠤᠭ᠎ᠠ ᠬᠤᠯᠪᠣᠭ᠎ᠠ ᠴᠢᠬᠤᠯᠠ ᠭᠡᠳᠡᠭ ᠢ ᠬᠡᠯᠡᠪᠡ᠃ 86 ᠵᠢᠯ ᠤᠨ ᠲᠡᠦᠬᠡ ᠲᠠᠢ ᠡᠨᠡ ᠻᠣᠮᠫᠠᠨᠢ 165 ᠲᠥᠷᠥᠯ ᠤᠨ ᠨᠡᠷ᠎ᠡ ᠶᠢᠨ ᠪᠦᠲᠦᠭᠡᠭᠳᠡᠬᠦᠨ ᠲᠠᠢ᠂ ᠡᠳᠦᠷ ᠲᠤ 40 ᠭᠠᠷᠦᠢ ᠲᠦᠷᠦᠯ ᠦᠨ ᠪᠦᠲᠦᠭᠡᠭᠳᠡᠬᠦᠨ ᠦᠢᠯᠡᠳᠪᠦᠷᠢᠯᠡᠳᠡᠭ ᠪᠥᠭᠡᠳ ᠤᠯᠠᠭᠠᠨᠪᠠᠭᠠᠲᠤᠷ ᠬᠤᠲᠠ ᠶᠢᠨ ᠨᠡᠷᠢᠠ ᠪᠣᠣᠪᠤ ᠶᠢᠨ ᠵᠠᠬ᠎ᠠ ᠵᠡᠭᠡᠯᠢ ᠶᠢᠨ 70 ᠬᠤᠪᠢ ᠶᠢ ᠬᠠᠩᠭᠠᠳᠠᠭ᠃
ᠭᠡᠪᠡᠴᠦ ᠲᠦᠭᠦᠬᠡᠢ ᠡᠳ᠋᠂ ᠮᠠᠲ᠋ᠧᠷᠢᠶᠠᠯ ᠤᠨ ᠦᠨ᠎ᠡ᠂ ᠸᠠᠯᠢᠶᠤᠲ ᠤᠨ ᠬᠠᠩᠰᠢ᠂ ᠳᠣᠲᠤᠭᠠᠳᠤ ᠭᠠᠳᠠᠭᠠᠳᠤ ᠲᠡᠭᠡᠭᠡᠪᠦᠷᠢ ᠶᠢᠨ ᠵᠠᠷᠤᠳᠠᠯ ᠥᠰᠴᠦ ᠪᠠᠶᠢᠭ᠎ᠠ ᠨᠢ ᠬᠦᠨᠳᠦᠷᠡᠯ ᠤᠴᠠᠷᠠᠭᠤᠯᠵᠤ ᠪᠠᠶᠢᠨ᠎ᠡ᠃ ᠦᠨᠳᠦᠰᠦᠨ ᠪᠤᠯᠦᠠ ᠲᠤᠰᠠᠯᠠᠬᠤ ᠲᠦᠭᠦᠬᠡᠢ ᠡᠳ᠋᠂ ᠮᠠᠲ᠋ᠧᠷᠢᠶᠠᠯ᠂ ᠰᠠᠪᠠ ᠪᠠᠭᠯᠠᠭ᠎ᠠ ᠪᠣᠭᠤᠳᠠᠯ ᠤᠨ 90 ᠭᠠᠷᠦᠢ ᠬᠤᠪᠢ ᠶᠢ ᠭᠠᠳᠠᠭᠠᠳᠤ ᠠᠴᠠ ᠸᠠᠯᠢᠶᠤᠲ ᠢᠶᠠᠷ ᠬᠤᠳᠠᠯᠳᠤᠨ ᠠᠪᠳᠠᠭ ᠨᠢ ᠪᠦᠲᠦᠭᠡᠭᠳᠡᠬᠦᠨ ᠤ ᠥᠷᠲᠡᠭ ᠲᠤ ᠨᠥᠯᠥᠭᠡᠯᠡᠬᠦ ᠪᠣᠯᠵᠠᠢ᠃ ᠨᠡᠮᠡᠭᠦᠦ ᠥᠷᠲᠡᠭ ᠤᠨ ᠠᠯᠪᠠᠨ ᠲᠠᠲᠠᠪᠤᠷᠢ ᠶᠢ ᠲᠠᠪᠤᠨ ᠬᠤᠪᠢ ᠪᠣᠯᠭᠠᠬᠤ᠂ ᠠᠵᠢᠯ ᠤᠨ ᠪᠠᠶᠢᠷᠢ ᠪᠤᠢ ᠪᠤᠯᠭᠠᠭᠰᠠᠨ ᠲᠣᠬᠢᠶᠠᠯᠳᠤᠯ ᠳᠤ ᠲᠠᠲᠠᠪᠤᠷᠢ ᠶᠢᠨ ᠬᠥᠩᠭᠡᠯᠡᠯᠲᠡ᠂ ᠴᠢᠯᠦᠭᠡᠯᠡᠯᠲᠡ ᠦᠵᠡᠭᠦᠯᠬᠦ ᠨᠢ ᠵᠦᠢᠲᠡᠢ ᠭᠡᠵᠦ ᠶᠡᠷᠦᠩᠬᠡᠶ ᠵᠠᠬᠢᠷᠤᠯ ᠰ᠊·ᠲᠦᠮᠡᠨᠭᠡᠷᠡᠯ ᠬᠡᠯᠡᠯ᠎ᠡ᠃