ᠦᠨᠳᠦᠰᠦᠨ ᠬᠠᠤᠯᠢ ᠶᠢᠨ ᠨᠡᠷ᠎ᠡ ᠲᠣᠮᠢᠶᠠᠨ ᠤ ᠲᠠᠶᠢᠯᠪᠤᠷᠢ ᠲᠣᠯᠢ ᠶᠢ ᠠᠩᠭ᠍ᠯᠢ ᠬᠡᠯᠡ ᠪᠠᠷ ᠭᠠᠷᠭᠠᠨ᠎ᠠ | News.MN

ᠦᠨᠳᠦᠰᠦᠨ ᠬᠠᠤᠯᠢ ᠶᠢᠨ ᠨᠡᠷ᠎ᠡ ᠲᠣᠮᠢᠶᠠᠨ ᠤ ᠲᠠᠶᠢᠯᠪᠤᠷᠢ ᠲᠣᠯᠢ ᠶᠢ ᠠᠩᠭ᠍ᠯᠢ ᠬᠡᠯᠡ ᠪᠠᠷ ᠭᠠᠷᠭᠠᠨ᠎ᠠ

ᠮᠣᠩᠭᠤᠯ ᠤᠯᠤᠰ ᠤᠨ ᠦᠨᠳᠦᠰᠦᠨ ᠬᠠᠤᠯᠢ ᠶᠢᠨ ᠰᠡᠴᠡ ᠶᠢᠨ ᠳᠠᠷᠤᠭ᠎ᠠ ᠨ᠊ ·ᠴᠢᠩᠪᠠᠲᠤ ᠬᠠᠨᠰ ᠽᠠᠢᠳᠧᠯ ᠤᠨ ᠰᠠᠩ ᠤᠨ ᠮᠣᠩᠭᠤᠯ  ᠤᠯᠤᠰ  ᠲᠤ ᠬᠢ ᠲᠥᠯᠥᠭᠡᠯᠡᠭᠴᠢ ᠶᠢᠨ ᠭᠠᠵᠠᠷ ᠤᠨ ᠲᠡᠷᠢᠬᠦᠠ  ᠹᠧᠯᠢᠺᠰ  ᠭᠧᠯᠢᠨᠺ ᠢ ᠥᠨᠥᠳᠥᠷ ᠬᠦᠯᠢᠶᠡᠨ ᠠᠪᠴᠤ ᠠᠭᠤᠯᠵᠠᠪᠠ᠃
ᠠᠭᠤᠯᠵᠠᠯᠲᠠ ᠶᠢᠨ ᠦᠶ᠎ᠡ ᠪᠠᠷ ᠮᠤᠩᠭᠤᠯ ᠤᠯᠤᠰ ᠤᠨ ᠦᠨᠳᠦᠰᠦᠨ ᠬᠠᠤᠯᠢ ᠶᠢᠨ ᠨᠡᠷ᠎ᠡ ᠲᠣᠮᠢᠶᠠᠨ ᠤ ᠲᠠᠶᠢᠯᠪᠤᠷᠢ ᠲᠣᠯᠢ ᠪᠢᠴᠢᠭ ᠢ ᠮᠣᠩᠭᠤᠯ᠂ ᠠᠩᠭ᠍ᠯᠢ ᠬᠡᠯᠡ ᠪᠠᠷ ᠬᠡᠪᠯᠡᠨ ᠭᠠᠷᠭᠠᠬᠤ᠂ ᠮᠤᠩᠭᠤᠯ ᠤᠯᠤᠰ ᠤᠨ ᠦᠨᠳᠦᠰᠦᠨ ᠬᠠᠤᠯᠢ ᠶᠢᠨ ᠰᠡᠴᠡ ᠶᠢᠨ ᠰᠢᠢᠳᠪᠦᠷᠢ ᠶᠢ ᠣᠷᠴᠢᠭᠤᠯᠵᠤ᠂ ᠨᠢᠭᠡᠳᠬᠡᠨ ᠬᠡᠪᠯᠡᠭᠦᠯᠬᠦ ᠵᠡᠷᠭᠡ ᠪᠠᠷ ᠬᠠᠮᠲᠤᠷᠠᠨ ᠠᠵᠢᠯᠯᠠᠬᠤ ᠲᠠᠯ᠎ᠠ ᠪᠠᠷ ᠰᠠᠨᠠᠯ ᠰᠣᠯᠢᠯᠴᠠᠪᠠ᠃

ᠰᠡᠳᠬᠢᠭᠳᠡᠯ ᠦᠯᠡᠳᠡᠭᠡᠬᠦ