ᠮᠣᠩᠭᠣᠯ ᠤᠨ ᠦᠨᠳᠦᠰᠦᠨ ᠤ ᠬᠤᠳᠠᠯᠳᠤᠭ᠎ᠠ ᠠᠵᠤ ᠦᠢᠯᠡᠳᠪᠦᠷᠢ ᠶᠢᠨ ᠲᠠᠩᠬᠢᠮ᠂ ᠪᠦᠬᠦᠳᠠ ᠨᠠᠶᠢᠷᠠᠮᠳᠠᠬᠤ ᠲᠦᠷᠺ ᠤᠯᠤᠰ ᠤᠨ ᠲᠠᠩᠬᠢᠮ᠂ ᠪᠢᠷᠵᠢ ᠨᠤᠭᠦᠳ ᠤᠨ ᠬᠤᠯᠪᠣᠭ᠎ᠠ᠂ ᠮᠣᠩᠭᠤᠯ ᠲᠦᠷᠺ ᠤᠨ ᠬᠤᠳᠠᠯᠳᠤᠭ᠎ᠠ ᠠᠵᠤ ᠦᠢᠯᠡᠳᠪᠦᠷᠢ ᠶᠢᠨ ᠲᠠᠩᠬᠢᠮ ᠬᠠᠮᠲᠤᠷᠠᠨ︽ᠲᠦᠷᠺ ᠮᠣᠩᠭᠣᠯ ᠤᠨ ᠪᠢᠽᠨᠧᠰ ᠹᠷᠦᠮ︾ ᠢ ᠪᠦᠬᠦᠳᠠ ᠨᠠᠶᠢᠷᠠᠮᠳᠠᠬᠤ ᠲᠦᠷᠻ ᠤᠯᠤᠰ ᠤᠨ ᠢᠰᠲ᠋ᠠᠨᠪᠤᠯ ᠬᠤᠲᠠᠨ᠎ᠠ ᠵᠣᠬᠢᠶᠠᠨ ᠪᠠᠶᠢᠭᠤᠯᠤᠯ᠎ᠠ᠃
ᠹᠤᠷᠤᠮ ᠳᠤ ᠮᠣᠩᠭᠤᠯ ᠤᠯᠤᠰ ᠠᠴᠠ ᠪᠠᠷᠢᠯᠭ᠎ᠠ᠂ ᠠᠭᠤᠯᠠ ᠠᠭᠤᠷᠬᠠᠢ᠂ ᠨᠣᠤᠰᠣ ᠨᠣᠯᠤᠤᠷ᠂ ᠠᠷᠠᠰᠤ ᠰᠢᠷᠢ᠂ ᠡᠷᠡᠭᠦᠯ ᠮᠡᠨᠳᠦ᠂ ᠮᠢᠬ᠎ᠠ᠂ ᠮᠢᠬᠠᠨ ᠪᠦᠲᠦᠭᠡᠭᠳᠡᠬᠦᠨ᠂ ᠬᠦᠨᠡᠰᠦᠨ ᠤ ᠪᠦᠲᠦᠭᠡᠭᠳᠡᠬᠦᠨ ᠤ ᠬᠤᠳᠠᠯᠳᠤᠭ᠎ᠠ᠂ ᠲᠡᠭᠡᠭᠡᠪᠦᠷᠢ ᠯᠤᠭᠢᠰᠲ᠋ᠢᠺ ᠤᠨ ᠦᠶᠯᠡ ᠠᠵᠢᠯᠯᠠᠭ᠎ᠠ ᠡᠷᠬᠢᠯᠡᠭᠴᠢ 15 ᠺᠣᠮᠫᠠᠨᠢ ᠶᠢᠨ 30 ᠭᠠᠷᠦᠢ ᠲᠥᠯᠦᠭᠡᠯᠡᠭᠴᠢ᠂ ᠪᠦᠬᠦᠳᠠ ᠨᠠᠶᠢᠷᠠᠮᠳᠠᠬᠤ ᠲᠦᠷᠻ ᠤᠯᠤᠰ ᠠᠴᠠ ᠮᠦᠠ ᠰᠠᠯᠪᠤᠷᠢ ᠨᠤᠭᠤᠳ ᠤᠨ ᠺᠣᠮᠫᠠᠨᠢ ᠶᠢᠨ 40 ᠭᠠᠷᠦᠢ ᠲᠥᠯᠦᠭᠡᠯᠡᠭᠴᠢ ᠣᠷᠣᠯᠴᠠᠪᠠ᠃
2021 ᠣᠨ ᠤ ᠪᠠᠶᠢᠳᠠᠯ ᠢᠶᠠᠷ ᠮᠣᠩᠭᠤᠯ ᠤᠯᠤᠰ ᠠᠴᠠ ᠲᠦᠷᠻ ᠤᠯᠤᠰ ᠤᠷᠤᠭᠤ ᠰᠠᠮᠤᠷ᠂ ᠢᠮᠠᠭ᠎ᠠ᠂ ᠢᠰᠢᠭᠡᠨ ᠤ ᠪᠣᠯᠪᠠᠰᠤᠷᠠᠭᠤᠯᠤᠭᠰᠠᠨ ᠠᠷᠠᠰᠤ᠂ ᠨᠧᠹᠲ ᠤᠨ ᠪᠦᠲᠦᠭᠡᠭᠳᠡᠬᠦᠨ᠂ ᠬᠤᠪᠴᠠᠰᠤ ᠬᠡᠷᠡᠭᠯᠡᠯ ᠵᠡᠷᠭᠡ 2.8 ᠰᠠᠶ᠎ᠠ ᠳ᠋ᠣᠯᠯᠠᠷ ᠤᠨ ᠥᠷᠲᠡᠭ ᠪᠦᠬᠦᠢ ᠪᠦᠲᠦᠭᠡᠭᠳᠡᠬᠦᠨ ᠭᠠᠷᠭᠠᠭᠰᠠᠨ ᠨᠢ ᠮᠠᠨ ᠤ ᠤᠯᠤᠰ ᠤᠨ ᠨᠡᠶᠢᠲᠡ ᠡᠺᠰᠫᠣᠷᠲ ᠤᠨ 0.04 ᠬᠤᠪᠢ ᠶᠢ ᠡᠵᠡᠯᠡᠵᠦ ᠪᠠᠶᠢᠭ᠎ᠠ ᠪᠣᠯ ᠲᠦᠷᠻ ᠤᠯᠤᠰ ᠠᠴᠠ 71.2 ᠰᠠᠶ᠎ᠠ ᠳ᠋ᠣᠯᠯᠠᠷ ᠤᠨ ᠥᠷᠲᠡᠭ ᠪᠦᠬᠦᠢᠯᠡ ᠪᠠᠷᠢᠯᠭ᠎ᠠ ᠶᠢᠨ ᠮᠠᠲ᠋ᠧᠷᠢᠶᠠᠯ᠂ ᠡᠷᠡᠭᠦᠯ ᠮᠡᠨᠳᠦ᠂ ᠭᠤᠸ᠎ᠠ ᠰᠡᠶᠢᠬᠠᠠ᠂ ᠲᠣᠨᠤᠭ ᠲᠥᠬᠦᠭᠡᠷᠦᠮᠵᠢ᠂ ᠴᠠᠬᠢᠯᠭᠠᠨ ᠭᠡᠷᠡᠭᠰᠡᠯ᠂ ᠲᠠᠪᠢᠯᠭ᠎ᠠ᠂ ᠬᠤᠪᠴᠠᠰᠤ ᠬᠡᠷᠡᠭᠯᠡᠯ ᠢ ᠬᠤᠳᠠᠯᠳᠤᠵᠤ ᠠᠪᠤᠭᠰᠠᠨ ᠨᠢ ᠮᠠᠨ ᠤ ᠤᠯᠤᠰ ᠤᠨ ᠨᠡᠶᠢᠲᠡ ᠢᠮᠫᠣᠷᠲ ᠤᠨ 1.04 ᠬᠤᠪᠢ ᠶᠢ ᠡᠵᠡᠯᠡᠵᠦ ᠪᠠᠶᠢᠨ᠎ᠡ᠃