ᠬᠢᠲᠠᠳ ᠤᠶᠤᠲᠠᠳ ᠢ ᠱᠠᠲᠤ ᠳᠠᠷᠠᠭ᠎ᠠ ᠲᠠᠢ ᠬᠦᠯᠢᠶᠡᠨ ᠠᠪᠬᠤ ᠪᠠᠨ ᠮᠡᠳᠡᠭᠳᠡᠯ᠎ᠡ | News.MN

ᠬᠢᠲᠠᠳ ᠤᠶᠤᠲᠠᠳ ᠢ ᠱᠠᠲᠤ ᠳᠠᠷᠠᠭ᠎ᠠ ᠲᠠᠢ ᠬᠦᠯᠢᠶᠡᠨ ᠠᠪᠬᠤ ᠪᠠᠨ ᠮᠡᠳᠡᠭᠳᠡᠯ᠎ᠡ

ᠮᠣᠩᠭᠤᠯ ᠤᠯᠤᠰ ᠠᠴᠠ  ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠲᠤ ᠰᠠᠭᠤᠭ᠎ᠠ ᠡᠯᠴᠢᠨ ᠰᠠᠢᠳ ᠤᠨ ᠶᠠᠮᠤᠨ ᠤ ᠵᠥᠪᠯᠡᠬᠦ ᠪᠥᠭᠡᠳ ᠺᠤᠨᠰᠦ᠋ᠯ ᠤᠨ ᠬᠡᠯᠲᠡᠰ ᠤᠨ ᠳᠠᠷᠤᠭ᠎ᠠ ᠲ᠊·ᠪᠠᠲᠤ ᠣᠷᠤᠰᠢᠬᠤ  ᠬᠢᠲᠠᠳ ᠤᠨ  ᠭᠠᠳᠠᠭᠠᠳᠤ ᠬᠠᠷᠢᠯᠴᠠᠭᠠᠨ ᠤ ᠶᠠᠮᠤᠨ ᠤ ᠺᠤᠨᠰᠦ᠋ᠯ ᠤᠨ ᠭᠠᠵᠠᠷ ᠤᠨ ᠸᠢᠰᠠ ᠶᠢᠨ ᠪᠣᠳᠣᠯᠭ᠎ᠠ ᠶᠢᠨ ᠬᠡᠯᠲᠡᠰ ᠤᠨ ᠳᠠᠷᠤᠭ᠎ᠠ ᠰᠦᠨ ᠰᠢ ᠶᠤᠤ  ᠲᠠᠢ ᠵᠢᠷᠭᠤᠳᠤᠭᠠᠷ ᠰᠠᠷ᠎ᠠ ᠶᠢᠨ 10 ᠤ ᠡᠳᠦᠷ ᠠᠭᠤᠯᠵᠠᠵᠠᠢ᠃
ᠠᠭᠤᠯᠵᠠᠯᠲᠠ ᠪᠠᠷ ᠬᠤᠶᠠᠷ ᠤᠯᠤᠰ ᠤᠨ ᠬᠤᠭᠤᠷᠦᠡᠳᠦ ᠬᠤᠪᠢᠶᠠᠷᠢᠲᠤ ᠰᠢᠭᠤᠦᠠ ᠨᠢᠰᠦᠯᠭᠡ ᠶᠢ ᠰᠡᠷᠭᠦᠭᠡᠬᠦ ᠭᠡᠵᠦ ᠪᠠᠶᠢᠭ᠎ᠠ ᠲᠠᠢ ᠬᠤᠯᠪᠤᠭᠳᠠᠭᠤᠯᠤᠨ  ᠴᠠᠷ᠎ᠠ ᠲᠠᠬᠤᠯ ᠤᠨ ᠦᠶ᠎ᠡ ᠳᠤ ᠪᠠᠷᠢᠮᠲᠠᠯᠠᠵᠤ ᠪᠤᠶ  ᠬᠢᠲᠠᠳ  ᠤᠨ ᠬᠢᠵᠠᠭᠠᠷᠯᠠᠯᠲᠠ᠂ ᠲᠤᠰ ᠤᠯᠤᠰ ᠤᠷᠤᠭᠤ ᠵᠤᠷᠴᠢᠬᠤ ᠭᠠᠳᠠᠭᠠᠳᠤ ᠶᠢᠨ ᠢᠷᠭᠡᠳ ᠲᠤ ᠲᠠᠯᠪᠢᠵᠤ ᠪᠤᠶ ᠸᠢᠰᠠ ᠶᠢᠨ ᠪᠤᠯᠦᠠ ᠪᠤᠰᠤᠳ ᠱᠠᠭᠠᠷᠳᠠᠯᠭ᠎ᠠ ᠶᠢᠨ  ᠲᠠᠯ᠎ᠠ ᠪᠠᠷ ᠰᠠᠨᠠᠯ ᠰᠣᠯᠢᠯᠴᠠᠭᠰᠠᠨ ᠪᠠᠶᠢᠨ᠎ᠡ᠃

ᠮᠠᠨ ᠤ ᠲᠠᠯ᠎ᠠ ᠬᠢᠲᠠᠳ  ᠤᠨ ᠢᠷᠭᠡᠳ ᠲᠠᠢ ᠭᠡᠷ ᠪᠦᠯᠢ ᠪᠣᠯᠣᠭᠰᠠᠨ ᠮᠣᠩᠭᠤᠯ ᠤᠯᠤᠰ ᠤᠨ ᠢᠷᠭᠡᠳ ᠪᠤᠯᠦᠠ ᠲᠤᠰ ᠤᠯᠤᠰ ᠤᠨ ᠶᠡᠭᠡ᠂ ᠲᠡᠭᠡᠳᠦ ᠰᠤᠷᠭᠠᠭᠤᠯᠢ ᠳᠤ ᠰᠤᠷᠤᠯᠴᠠᠭᠴᠢ ᠤᠶᠤᠲᠠᠳ ᠲᠤ ᠵᠤᠬᠢᠬᠤ ᠠᠩᠭᠢᠯᠠᠯ ᠤᠨ ᠸᠢᠰᠠ ᠣᠯᠭᠤᠬᠤ ᠳᠤ ᠳᠡᠮᠵᠢᠯᠭᠡ ᠦᠵᠡᠭᠦᠯᠬᠦ ᠶᠢ  ᠬᠦᠰᠡᠭᠰᠡᠨ ᠪᠠᠶᠢᠨ᠎ᠡ᠃  ᠬᠢᠲᠠᠳ ᠤᠨ ᠲᠠᠯ᠎ᠠ  ᠵᠤᠬᠢᠬᠤ ᠳᠡᠮᠵᠢᠯᠭᠡ ᠦᠵᠡᠭᠦᠯᠬᠦ ᠪᠠᠨ ᠢᠯᠡᠷᠬᠡᠶᠢᠯᠡᠭᠡᠳ᠂ ᠵᠠᠰᠠᠭ ᠤᠨ ᠭᠠᠵᠠᠷ ᠤᠨ ᠲᠡᠳᠬᠦᠯᠭᠡ ᠪᠠᠷ ᠰᠤᠷᠤᠯᠴᠠᠳᠠᠭ ᠨᠡᠷᠢᠠ ᠮᠡᠷᠭᠡᠵᠢᠯ ᠤᠨ ᠪᠤᠯᠦᠠ ᠲᠡᠭᠦᠰᠬᠦ ᠠᠩᠭᠢ ᠶᠢᠨ ᠭᠠᠳᠠᠭᠠᠳᠤ ᠶᠢᠨ ᠤᠶᠤᠲᠠᠳ ᠢ ᠱᠠᠲᠤ ᠳᠠᠷᠠᠭ᠎ᠠ ᠲᠠᠢ ᠬᠦᠯᠢᠶᠡᠨ ᠠᠪᠬᠤ ᠪᠠᠷ ᠪᠡᠯᠡᠳᠬᠡᠵᠦ ᠪᠠᠶᠢᠭ᠎ᠠ ᠪᠠᠨ ᠮᠡᠳᠡᠭᠳᠡᠵᠡᠢ᠃

ᠰᠡᠳᠬᠢᠭᠳᠡᠯ ᠦᠯᠡᠳᠡᠭᠡᠬᠦ