︽ᠠᠷᠠᠳᠴᠢᠯᠠᠭᠰᠠᠨ ᠰᠣᠩᠭᠤᠭᠤᠯᠢ ᠶᠢᠨ ᠲᠣᠭᠲᠠᠯᠴᠠᠭ᠎ᠠ︾ᠣᠯᠠᠨ ᠤᠯᠤᠰ ᠤᠨ ᠬᠤᠷᠠᠯ ᠳᠤ ᠣᠷᠣᠯᠴᠠᠯ᠎ᠠ | News.MN

︽ᠠᠷᠠᠳᠴᠢᠯᠠᠭᠰᠠᠨ ᠰᠣᠩᠭᠤᠭᠤᠯᠢ ᠶᠢᠨ ᠲᠣᠭᠲᠠᠯᠴᠠᠭ᠎ᠠ︾ᠣᠯᠠᠨ ᠤᠯᠤᠰ ᠤᠨ ᠬᠤᠷᠠᠯ ᠳᠤ ᠣᠷᠣᠯᠴᠠᠯ᠎ᠠ

ᠮᠣᠩᠭᠤᠯ ᠤᠯᠤᠰ ᠠᠴᠠ ᠪᠧᠯᠭᠢ ᠶᠢᠨ ᠬᠠᠭᠠᠨᠲᠤ ᠤᠯᠤᠰ ᠲᠤ ᠰᠠᠭᠤᠭ᠎ᠠ ᠡᠯᠴᠢᠨ ᠰᠠᠶᠢᠳ ᠤᠨ ᠶᠠᠮᠤᠨ ᠤ ᠰᠠᠨᠠᠭᠠᠴᠢᠯᠠᠭ᠎ᠠ ᠪᠠᠷ ᠰᠲ᠋ᠤᠺᠬᠠᠯᠠᠮ ᠬᠤᠲᠠᠨ᠎ᠠ ᠲᠥᠪ ᠲᠠᠢ ᠠᠷᠠᠳᠴᠢᠯᠠᠯ᠂ ᠰᠣᠩᠭᠤᠭᠤᠯᠢ ᠳᠤ ᠳᠡᠮᠵᠢᠯᠭᠡ ᠦᠵᠡᠭᠦᠯᠬᠦ ᠣᠯᠠᠨ ᠤᠯᠤᠰ ᠤᠨ ᠬᠦᠷᠢᠶᠡᠯᠡᠩ︵International IDEA︶ᠲᠠᠢ ᠬᠠᠮᠲᠤᠷᠠᠨ᠂ ᠵᠢᠷᠭᠤᠳᠤᠭᠠᠷ ᠰᠠᠷ᠎ᠠ ᠶᠢᠨ 14  ᠨᠢ ᠡᠳᠦᠷ ᠵᠣᠬᠢᠶᠠᠨ ᠪᠠᠶᠢᠭᠤᠯᠤᠭᠰᠠᠨ︽ᠠᠷᠠᠳᠴᠢᠯᠠᠭᠰᠠᠨ ᠰᠣᠩᠭᠤᠭᠤᠯᠢ ᠶᠢᠨ ᠲᠣᠭᠲᠠᠯᠴᠠᠭ᠎ᠠ︾ᠣᠯᠠᠨ ᠤᠯᠤᠰ ᠤᠨ ᠴᠠᠬᠢᠮ ᠬᠤᠷᠠᠯ ᠳᠤ ᠮᠣᠩᠭᠤᠯ ᠤᠯᠤᠰ ᠤᠨ ᠰᠣᠩᠭᠤᠭᠤᠯᠢ ᠶᠢᠨ ᠶᠡᠷᠦᠩᠬᠡᠶ ᠬᠤᠷᠢᠶᠠᠨ ᠤ ᠳᠠᠷᠤᠭ᠎ᠠ ᠫ᠊·ᠳᠡᠯᠭᠡᠷᠨᠠᠷᠠᠨ ᠣᠷᠣᠯᠴᠠᠯ᠎ᠠ᠃
ᠳᠡᠯᠡᠬᠡᠢ ᠶᠢᠨ ᠰᠣᠩᠭᠤᠭᠤᠯᠢ ᠶᠢᠨ ᠲᠣᠭᠲᠠᠯᠴᠠᠭ᠎ᠠ᠂ ᠬᠥᠭᠵᠢᠯ ᠤᠨ ᠴᠢᠭ ᠬᠠᠨᠳᠤᠯᠭ᠎ᠠ ᠶᠢ ᠲᠣᠳᠣᠷᠬᠠᠶᠢᠯᠠᠬᠤ᠂ ᠰᠣᠩᠭᠤᠭᠤᠯᠢ ᠶᠢᠨ ᠪᠠᠶᠢᠭᠤᠯᠤᠯᠭ᠎ᠠ ᠨᠤᠭᠤᠳ ᠤᠨ ᠴᠢᠳᠠᠪᠬᠢ ᠶᠢ ᠪᠠᠬᠢᠵᠢᠭᠦᠯᠬᠦ ᠠᠰᠠᠭᠤᠳᠠᠯ ᠢ ᠬᠥᠨᠳᠡᠭᠰᠡᠨ ᠤᠭ ᠠᠷᠭ᠎ᠠ ᠬᠡᠮᠵᠢᠶᠡᠨ ᠳᠤ ᠤᠯᠤᠰ ᠤᠨ ᠶᠡᠭᠡ ᠬᠤᠷᠠᠯ ᠤᠨ ᠭᠡᠰᠢᠭᠦᠨ ᠵ᠊ · ᠰᠦᠬᠡᠪᠠᠭᠠᠲᠤᠷ᠂  ᠤᠯᠤᠰ ᠤᠨ ᠶᠡᠭᠡ ᠬᠤᠷᠠᠯ  ᠤᠨ ᠭᠡᠰᠢᠭᠦᠨ ᠴ᠊ · ᠮᠥᠩᠬᠡᠴᠡᠴᠡᠭ ᠨᠠᠷ ᠮᠦᠨ ᠣᠷᠣᠯᠴᠠᠵᠤ ︽ᠮᠣᠩᠭᠤᠯ ᠤᠯᠤᠰ ᠤᠨ ᠰᠣᠩᠭᠤᠭᠤᠯᠢ︾᠂ ︽ᠮᠣᠩᠭᠤᠯ ᠤᠯᠤᠰ ᠤᠨ ᠰᠣᠩᠭᠤᠭᠤᠯᠢ ᠶᠢᠨ ᠲᠣᠭᠲᠠᠯᠴᠠᠭ᠎ᠠ︾ ᠰᠡᠳᠦᠪ ᠢᠶᠠᠷ ᠢᠯᠡᠳᠬᠡᠯ ᠲᠠᠯᠪᠢᠵᠤ᠂ ᠬᠡᠯᠡᠯᠴᠡᠭᠦᠯᠪᠡ᠃

ᠰᠡᠳᠬᠢᠭᠳᠡᠯ ᠦᠯᠡᠳᠡᠭᠡᠬᠦ