ᠹᠷᠠᠨᠼᠢ ᠳᠤ︽ᠮᠠᠯ ᠠᠵᠤ ᠠᠬᠤᠢ ᠶᠢᠨ ᠣᠯᠠᠨ ᠤᠯᠤᠰ ᠤᠨ ᠦᠵᠡᠰᠬᠦᠯᠡᠩ︾  ᠳᠦ ᠣᠷᠣᠯᠴᠠᠨ᠎ᠠ | News.MN

ᠹᠷᠠᠨᠼᠢ ᠳᠤ︽ᠮᠠᠯ ᠠᠵᠤ ᠠᠬᠤᠢ ᠶᠢᠨ ᠣᠯᠠᠨ ᠤᠯᠤᠰ ᠤᠨ ᠦᠵᠡᠰᠬᠦᠯᠡᠩ︾  ᠳᠦ ᠣᠷᠣᠯᠴᠠᠨ᠎ᠠ

ᠹᠷᠠᠨᠼᠢ  ᠳᠦ 31 ᠳᠠᠬᠢ ᠵᠢᠯ ᠳᠤ ᠪᠠᠨ ᠵᠣᠬᠢᠶᠠᠨ ᠪᠠᠶᠢᠭᠤᠯᠬᠤ︽ᠮᠠᠯ ᠠᠵᠤ ᠠᠬᠤᠢ ᠶᠢᠨ ᠣᠯᠠᠨ ᠤᠯᠤᠰ ᠤᠨ ᠦᠵᠡᠰᠬᠦᠯᠡᠩ︾  ᠳᠦ ᠮᠠᠨ ᠤ ᠤᠯᠤᠰ ᠬᠦᠨᠳᠦᠲᠦ ᠵᠤᠴᠢᠠ ᠣᠷᠣᠨ ᠢᠶᠠᠷ ᠤᠷᠢᠭᠳᠠᠨ ᠣᠷᠣᠯᠴᠠᠨ᠎ᠠ᠃ ᠡᠶᠢᠮᠦ ᠳᠤ ᠦᠵᠡᠰᠬᠦᠯᠡᠩ ᠤᠨ ᠵᠣᠬᠢᠶᠠᠨ ᠪᠠᠶᠢᠭᠤᠯᠤᠭᠴᠢᠳ᠂ ᠮᠣᠩᠭᠤᠯ ᠤᠯᠤᠰ ᠠᠴᠠ ᠹᠷᠠᠨᠼᠢ ᠤᠯᠤᠰ ᠲᠤ ᠰᠠᠭᠤᠭ᠎ᠠ ᠡᠯᠴᠢᠨ ᠰᠠᠶᠢᠳ ᠤᠨ ᠶᠠᠮᠤᠨ ᠬᠠᠮᠲᠤᠷᠠᠨ ᠹᠷᠠᠨᠼᠢ ᠶᠢᠨ ᠬᠥᠳᠡᠭᠡ ᠠᠵᠤ ᠠᠬᠤᠶ᠂ ᠬᠦᠨᠡᠰᠦᠨ ᠤ ᠪᠦᠷᠢᠠ ᠡᠷᠬᠡᠲᠦ ᠪᠠᠶᠢᠳᠠᠯ ᠤᠨ ᠶᠠᠮᠤᠨ ᠳᠤ ᠬᠡᠪᠯᠡᠯ ᠤᠨ ᠪᠠᠭ᠎ᠠ ᠬᠤᠷᠠᠯ ᠬᠢᠵᠡᠢ᠃
ᠬᠡᠪᠯᠡᠯ ᠤᠨ ᠪᠠᠭ᠎ᠠ ᠬᠤᠷᠠᠯ ᠢ ᠨᠡᠭᠡᠭᠡᠵᠦ᠂ ᠹᠷᠠᠨᠼᠢ ᠶᠢᠨ ᠬᠥᠳᠡᠭᠡ ᠠᠵᠤ ᠠᠬᠤᠶ᠂ ᠬᠦᠨᠡᠰᠦᠨ ᠤ ᠪᠦᠷᠢᠠ ᠡᠷᠬᠡᠲᠦ ᠪᠠᠶᠢᠳᠠᠯ ᠤᠨ ᠰᠠᠶᠢᠳ ᠮᠠᠷᠻ  ᠹᠧᠨᠤ ᠬᠡᠯᠡᠭᠰᠡᠨ ᠦᠭᠡᠨ ᠳᠡᠭᠡᠨ ᠮᠣᠩᠭᠤᠯ ᠤᠯᠤᠰ ᠢ ᠬᠦᠨᠳᠦᠲᠦ ᠵᠣᠴᠢᠨ ᠢᠶᠠᠷ ᠣᠷᠣᠯᠴᠠᠵᠤ ᠪᠠᠢᠭ᠎ᠠ ᠳᠤ ᠪᠡᠶᠡᠷ ᠬᠦᠷᠭᠡᠵᠦ᠂ ᠮᠡᠨᠳᠦᠴᠢᠯᠡᠭᠡ ᠳᠡᠪᠰᠢᠭᠦᠯᠪᠡ᠃ ᠡᠯᠴᠢᠨ ᠰᠠᠶᠢᠳ ᠤ᠊ ·ᠨᠢᠮᠠᠬᠦᠦ ᠮᠣᠩᠭᠤᠯ ᠤᠯᠤᠰ ᠤᠨ ᠮᠠᠯ ᠠᠵᠤ ᠠᠬᠤᠢ ᠶᠢᠨ ᠰᠠᠯᠪᠤᠷᠢ ᠶᠢᠨ ᠥᠨᠦ ᠶᠢᠨ ᠪᠠᠶᠢᠳᠠᠯ᠂ ᠴᠠᠭᠠᠰᠢᠳᠠ ᠶᠢᠨ ᠴᠢᠭ ᠬᠠᠨᠳᠤᠯᠭ᠎ᠠ᠂ ᠬᠥᠳᠡᠭᠡ ᠠᠵᠤ ᠠᠬᠤᠢ ᠶᠢᠨ ᠰᠠᠯᠪᠤᠷᠢ ᠳᠠᠬᠢ ᠬᠠᠮᠲᠤ ᠶᠢᠨ ᠠᠵᠢᠯᠯᠠᠭ᠎ᠠ ᠶᠢ ᠬᠥᠭᠵᠢᠭᠦᠯᠬᠦ ᠪᠣᠯᠣᠮᠵᠢ᠂ ᠠᠭᠤᠷ ᠠᠮᠢᠰᠬᠤᠯ ᠤᠨ ᠥᠭᠡᠷᠡᠴᠢᠯᠡᠯᠲᠡ ᠶᠢᠨ  ᠡᠰᠡᠷᠭᠦ ᠮᠣᠩᠭᠤᠯ ᠳᠤ ᠬᠡᠷᠡᠭᠵᠢᠭᠦᠯᠵᠦ ᠪᠤᠶ ᠠᠵᠢᠯ ᠤᠳ ᠢ ᠲᠠᠨᠢᠯᠴᠠᠭᠤᠯᠪᠠ᠃
ᠡᠸᠦ᠋ᠷᠦᠫᠡ ᠳᠤ ᠬᠠᠮᠤᠬ ᠤᠨ ᠲᠣᠮᠣ ᠳᠤ ᠲᠣᠭᠠᠴᠠᠭᠳᠠᠬᠤ  ᠡᠨᠡ ᠬᠦ ᠦᠵᠡᠰᠬᠦᠯᠡᠩ ᠳᠤ ᠮᠠᠯ ᠠᠵᠤ ᠠᠬᠤᠢ ᠶᠢᠨ ᠹᠧᠷᠮᠧᠷ ᠡᠷᠬᠢᠯᠡᠭᠴᠢ᠂ ᠬᠤᠯᠪᠣᠭᠠᠳ᠂ ᠮᠠᠯ ᠤᠨ  ᠡᠮ᠂ ᠲᠡᠵᠢᠭᠡᠯ᠂ ᠬᠥᠳᠡᠭᠡ ᠠᠵᠤ ᠠᠬᠤᠢ ᠶᠢᠨ ᠰᠠᠯᠪᠤᠷᠢ ᠶᠢᠨ ᠮᠠᠰᠢᠨ᠂ ᠲᠧᠭᠨᠢᠭ᠂ ᠲᠣᠨᠤᠭ ᠲᠥᠬᠦᠭᠡᠷᠦᠮᠵᠢ ᠦᠢᠯᠡᠳᠪᠦᠷᠢᠯᠡᠭᠴᠢ  ᠪᠦᠬᠦᠢᠯᠡ ᠮᠡᠷᠭᠡᠵᠢᠯ ᠤᠨ ᠠᠵᠤ ᠠᠬᠤᠢ ᠶᠢᠨ  ᠨᠢᠭᠡᠴᠢ ᠨᠦᠭᠦᠳ ᠣᠷᠣᠯᠴᠠᠳᠠᠭ᠃ 2021 ᠣᠨ ᠳᠤ 33 ᠣᠷᠣᠨ ᠤ 1510 ᠣᠷᠤᠯᠴᠠᠭᠴᠢ 93000 ᠵᠤᠴᠢᠠ ᠲᠥᠯᠦᠭᠡᠯᠡᠭᠴᠢ ᠣᠷᠣᠯᠴᠠᠭᠰᠠᠨ ᠪᠠᠶᠢᠨ᠎ᠡ᠃

ᠰᠡᠳᠬᠢᠭᠳᠡᠯ ᠦᠯᠡᠳᠡᠭᠡᠬᠦ