ᠰᠢᠲᠠᠷᠠᠴᠢᠨ ᠰᠤᠷᠤᠭᠴᠢᠳ ᠳᠡᠯᠡᠬᠡᠢ ᠶᠢᠨ ᠠᠪᠤᠷᠭᠤ ᠶᠢᠨ ᠲᠥᠯᠥᠭᠡ ᠥᠷᠢᠰᠦᠯᠳᠦᠵᠦ ᠪᠠᠶᠢᠨ᠎ᠡ | News.MN

ᠰᠢᠲᠠᠷᠠᠴᠢᠨ ᠰᠤᠷᠤᠭᠴᠢᠳ ᠳᠡᠯᠡᠬᠡᠢ ᠶᠢᠨ ᠠᠪᠤᠷᠭᠤ ᠶᠢᠨ ᠲᠥᠯᠥᠭᠡ ᠥᠷᠢᠰᠦᠯᠳᠦᠵᠦ ᠪᠠᠶᠢᠨ᠎ᠡ

ᠫᠠᠨᠠᠮᠠ ᠤᠯᠤᠰ ᠤᠨ ᠨᠡᠶᠢᠰᠯᠡᠯ  ᠫᠠᠨᠠᠮᠠ ᠬᠤᠲᠠᠨ᠎ᠠ 2022 ᠣᠨ ᠤ ᠰᠤᠷᠤᠭᠴᠢᠳ ᠤᠨ ᠰᠢᠲᠠᠷ᠎ᠠ ᠶᠢᠨ ᠳᠡᠯᠡᠬᠡᠢ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ 6 ᠳ᠋ᠤᠭᠠᠷ ᠰᠠᠷ᠎ᠠ ᠶᠢᠨ 10-19  ᠳᠦ ᠪᠣᠯᠵᠤ ᠪᠠᠶᠢᠨ᠎ᠡ᠃ ᠲᠡᠮᠡᠴᠡᠭᠡᠨ ᠳᠤ ᠳᠡᠯᠡᠬᠡᠢ ᠶᠢᠨ 37 ᠣᠷᠣᠨ ᠤ 498 ᠲᠠᠮᠢᠷᠴᠢᠨ 12 ᠨᠠᠰᠤᠨ ᠤ ᠠᠩᠭᠢᠯᠠᠯ ᠳᠤ ᠥᠷᠢᠰᠦᠯᠳᠦᠵᠦ ᠪᠠᠶᠢᠨ᠎ᠡ᠃
ᠮᠣᠩᠭᠤᠯ ᠤᠯᠤᠰ ᠠᠴᠠ 14 ᠥᠰᠪᠦᠷᠢ ᠶᠢᠨ ᠰᠢᠯᠢᠳᠡᠭ ᠰᠢᠲᠠᠷᠠᠴᠢᠨ ᠰᠤᠷᠤᠭᠴᠢᠳ ᠳᠡᠯᠡᠬᠡᠢ ᠶᠢᠨ ᠤᠯᠤᠰ ᠣᠷᠣᠨ ᠨᠤᠭᠤᠳ ᠤᠨ ᠰᠢᠯᠢᠳᠡᠭ ᠰᠢᠲᠠᠷᠠᠴᠢᠨ ᠬᠡᠦᠬᠡᠨ ᠨᠦᠭᠦᠳ ᠲᠠᠢ ᠣᠶᠣᠨ ᠤᠬᠠᠭᠠᠨ᠂ ᠤᠷ᠎ᠠ ᠴᠢᠳᠠᠪᠤᠷᠢ ᠪᠠᠨ ᠰᠣᠷᠢᠨ ᠥᠷᠢᠰᠦᠯᠳᠦᠵᠦ ᠪᠠᠶᠢᠭ᠎ᠠ  ᠶᠤᠮ᠃  ᠫᠠᠨᠠᠮᠠ   ᠤᠯᠤᠰ ᠮᠣᠩᠭᠤᠯ ᠤᠯᠤᠰ ᠠᠴᠠ 13 ᠴᠠᠭ ᠤᠨ ᠪᠦᠰᠡ ᠶᠢᠨ ᠵᠦᠷᠢᠶ᠎ᠠ ᠲᠠᠢ᠃ ᠫᠠᠨᠠᠮᠠ ᠤᠯᠤᠰ ᠲᠤ︽Covid – 19︾ᠨᠥᠬᠦᠴᠡᠯ ᠪᠠᠶᠢᠳᠠᠯ ᠰᠠᠶᠢᠵᠢᠷᠠᠭ᠎ᠠ ᠦᠭᠡᠢ ᠪᠠᠶᠢᠭ᠎ᠠ ᠵᠡᠷᠭᠡ ᠪᠡᠷᠬᠡᠰᠢᠶᠡᠯ ᠢ ᠦᠯᠦ ᠬᠠᠷᠠᠭᠠᠯᠵᠠᠨ ᠬᠤᠷᠳᠦᠠ ᠳᠠᠰᠤᠨ ᠵᠣᠬᠢᠴᠠᠬᠤ᠂ ᠲᠡᠰᠪᠦᠷᠢ ᠲᠡᠪᠴᠢᠶᠡᠷᠢ ᠭᠠᠷᠭᠠᠨ ᠬᠢᠴᠢᠶᠡᠯ  ᠵᠢᠳᠭᠦᠯ ᠢᠶᠡᠨ ᠬᠠᠷᠠᠭᠤᠯᠵᠤ᠂ ᠥᠪᠡᠷᠰᠡᠳ ᠢ ᠪᠠᠨ ᠳᠠᠶᠢᠴᠢᠯᠠᠨ ᠥᠷᠢᠰᠦᠯᠳᠦᠵᠦ ᠪᠠᠶᠢᠭ᠎ᠠ ᠥᠰᠪᠦᠷᠢ ᠶᠢᠨ ᠪᠢᠴᠢᠬᠠᠨ  ᠲᠠᠮᠢᠷᠴᠢᠳ ᠢᠶᠠᠷ ᠢᠶᠠᠨ  ᠪᠠᠭ᠋ᠠᠷᠬᠠᠵᠤ ᠪᠠᠶᠢᠭ᠎ᠠ ᠪᠠᠨ ᠮᠤᠩᠭᠤᠯ ᠰᠢᠲᠠᠷ᠎ᠠ ᠶᠢᠨ ᠬᠤᠯᠪᠤᠭᠠᠨ ᠤ ᠬᠠᠮᠲᠤ ᠣᠯᠠᠨ ᠣᠨᠴᠠᠯᠠᠵᠤ ᠪᠠᠶᠢᠨ᠎ᠡ᠃

ᠰᠡᠳᠬᠢᠭᠳᠡᠯ ᠦᠯᠡᠳᠡᠭᠡᠬᠦ