︽ᠠᠭᠠᠵᠢᠭᠤ ᠶᠠᠪᠤᠪᠠᠯ ᠠᠶᠠᠨᠳᠠᠭᠠᠨ ᠬᠦᠷᠦᠨ᠎ᠡ︾ᠭᠤᠷᠪᠠᠨ ᠰᠠᠷ᠎ᠠ ᠶᠢᠨ ᠠᠶᠠᠨ ᠢ ᠡᠬᠢᠯᠡᠭᠦᠯᠦᠯ᠎ᠡ | News.MN

︽ᠠᠭᠠᠵᠢᠭᠤ ᠶᠠᠪᠤᠪᠠᠯ ᠠᠶᠠᠨᠳᠠᠭᠠᠨ ᠬᠦᠷᠦᠨ᠎ᠡ︾ᠭᠤᠷᠪᠠᠨ ᠰᠠᠷ᠎ᠠ ᠶᠢᠨ ᠠᠶᠠᠨ ᠢ ᠡᠬᠢᠯᠡᠭᠦᠯᠦᠯ᠎ᠡ

ᠲᠡᠭᠡᠭᠡᠪᠦᠷᠢ ᠶᠢᠨ ᠴᠠᠭᠳᠠᠭ᠎ᠠ ᠶᠢᠨ ᠠᠯᠪᠠᠨ ᠠᠴᠠ ᠬᠢᠭᠰᠡᠨ ᠰᠤᠳᠤᠯᠭᠠᠨ ᠢᠶᠠᠷ ᠮᠣᠩᠭᠤᠯ ᠤᠯᠤᠰ ᠲᠤ ᠵᠡᠮ ᠲᠡᠭᠡᠭᠡᠪᠦᠷᠢ ᠶᠢᠨ ᠣᠰᠣᠯ ᠢᠶᠠᠷ ᠰᠡᠭᠦᠯ ᠤᠨ 10 ᠵᠢᠯ ᠤᠨ ᠬᠤᠭᠤᠴᠠᠭᠠᠨ ᠳᠤ 4593 ᠢᠷᠭᠡᠠ ᠠᠮᠢ ᠨᠠᠰᠤ ᠪᠠᠨ ᠠᠯᠳᠠᠵᠤ᠂ 11212 ᠢᠷᠭᠡᠠ ᠭᠡᠮᠲᠦᠵᠦ ᠬᠦᠳᠡᠯᠮᠦᠷᠢ ᠶᠢᠨ ᠴᠢᠳᠠᠪᠤᠷᠢ ᠪᠠᠨ ᠠᠯᠳᠠᠵᠠᠢ᠃ ᠵᠡᠮ ᠲᠡᠭᠡᠭᠡᠪᠦᠷᠢ ᠶᠢᠨ ᠣᠰᠣᠯ ᠠᠴᠠ ᠤᠷᠢᠳᠴᠢᠯᠠᠨ ᠰᠡᠷᠭᠡᠶᠢᠯᠡᠬᠦ ᠵᠣᠷᠢᠯᠭ᠎ᠠ ᠪᠠᠷ︽ᠠᠭᠠᠵᠢᠭᠤ ᠶᠠᠪᠤᠪᠠᠯ  ᠠᠶᠠᠨᠳᠠᠭᠠᠨ ᠬᠦᠷᠦᠨ᠎ᠡ︾ᠠᠷᠭ᠎ᠠ ᠬᠡᠮᠵᠢᠶ᠎ᠡ ᠶᠢ ᠲᠡᠳᠡ ᠡᠨᠡ ᠰᠠᠷ᠎ᠠ ᠶᠢᠨ 20 ᠤ ᠡᠳᠦᠷ ᠠᠴᠠ ᠡᠬᠢᠯᠡᠭᠦᠯᠦᠯ᠎ᠡ᠃ ᠠᠷᠭ᠎ᠠ ᠭᠡᠮᠵᠢᠶ᠎ᠠ ᠢᠷᠡᠬᠦ ᠶᠢᠰᠦᠳᠦᠭᠡᠷ ᠰᠠᠷ᠎ᠠ ᠶᠢᠨ 20 ᠤ ᠡᠳᠦᠷ ᠢ ᠬᠦᠷᠳᠡᠯ᠎ᠠ ᠭᠤᠷᠪᠠᠨ ᠰᠠᠷ᠎ᠠ ᠶᠢᠨ ᠬᠤᠭᠤᠴᠠᠭᠠᠨ ᠳᠤ ᠦᠷᠬᠦᠯᠵᠢᠯᠡᠬᠦ ᠶᠤᠮ᠃
ᠣᠷᠣᠨ ᠨᠤᠲᠤᠭ ᠤᠨ ᠵᠠᠮ ᠳᠤ ᠭᠠᠷᠴᠤ ᠪᠤᠶ ᠵᠡᠮ ᠲᠡᠭᠡᠭᠡᠪᠦᠷᠢ ᠶᠢᠨ ᠣᠰᠣᠯ ᠤᠨ ᠭᠤᠣᠯ ᠰᠢᠯᠲᠠᠭᠠᠨ ᠨᠥᠬᠦᠴᠡᠯ ᠨᠢ ᠬᠤᠷᠳᠤ ᠬᠡᠲᠦᠷᠡᠭᠦᠯᠬᠦ᠂ ᠭᠦᠢᠴᠡᠵᠦ ᠲᠦᠷᠦᠭᠦᠯᠡᠬᠦ ᠦᠶᠯᠡᠳᠦᠯ ᠬᠤᠷᠢᠭᠯᠠᠭᠰᠠᠨ ᠨᠥᠬᠦᠴᠡᠯ ᠳᠤ ᠬᠢᠬᠦ᠂ ᠪᠦᠷᠢᠠ ᠪᠤᠰᠤ ᠲᠡᠭᠡᠭᠡᠪᠦᠷᠢ ᠶᠢᠨ ᠬᠡᠷᠡᠭᠰᠡᠯ ᠲᠠᠢ ᠬᠤᠯᠠ ᠵᠠᠮ ᠳᠤ ᠭᠠᠷᠬᠤ᠂ ᠵᠢᠯᠣᠭᠤᠴᠢ ᠶᠢᠨ ᠨᠣᠶᠢᠷ ᠳᠤᠲᠠᠭᠤ ᠶᠠᠳᠠᠷᠠᠭᠰᠠᠨ᠂ ᠠᠷᠢᠬᠢ ᠰᠣᠭᠲᠤᠭᠤᠷᠠᠭᠤᠯᠬᠤ ᠤᠮᠳᠠᠭᠠᠨ ᠤ ᠵᠦᠢᠯ ᠬᠡᠷᠡᠭᠯᠡᠭᠰᠡᠨ᠂ ᠵᠢᠯᠤᠭᠤᠴᠢ ᠪᠢᠰᠢ ᠬᠦᠮᠦᠨ ᠳ᠋ᠤ  ᠵᠢᠯᠤᠭᠤ ᠰᠢᠯᠵᠢᠬᠦᠯᠬᠦ ᠵᠡᠷᠭᠡ ᠪᠠᠶᠢᠨ᠎ᠡ᠃ ᠡᠨᠡ ᠣᠨ ᠤ ᠡᠬᠢᠨ ᠤ ᠲᠠᠪᠤᠨ ᠰᠠᠷ᠎ᠠ ᠶᠢᠨ ᠪᠠᠶᠢᠳᠠᠯ ᠢᠶᠠᠷ 195 ᠬᠥᠮᠦᠨ ᠨᠡᠰᠦ ᠪᠠᠷᠠᠵᠤ᠂ 1087 ᠬᠥᠮᠦᠨ ᠭᠡᠮᠲᠦᠵᠦ ᠪᠡᠷᠲᠡᠵᠡᠢ᠃

ᠰᠡᠳᠬᠢᠭᠳᠡᠯ ᠦᠯᠡᠳᠡᠭᠡᠬᠦ