︽ᠮᠣᠩᠭᠤᠯ᠂ ᠬᠢᠲᠠᠳ ᠤᠨ ᠡᠳ᠋ ᠤᠨ ᠵᠠᠰᠠᠭ᠂ ᠬᠤᠳᠠᠯᠳᠤᠭᠠᠨ ᠤ ᠬᠠᠮᠲᠤ ᠶᠢᠨ ᠠᠵᠢᠯᠯᠠᠭᠠᠨ ᠤ ᠥᠨᠦ ᠶᠢᠨ ᠪᠠᠶᠢᠳᠠᠯ᠂ ᠬᠡᠲᠦ ᠶᠢᠨ ᠲᠥᠯᠦᠪ︾ᠰᠡᠳᠦᠪᠲᠦ ᠣᠯᠠᠨ ᠤᠯᠤᠰ ᠤᠨ ᠡᠷᠳᠡᠮ ᠰᠢᠨᠵᠢᠯᠡᠭᠡᠨ ᠤ ᠪᠠᠭ᠎ᠠ ᠬᠤᠷᠠᠯ ᠢ ᠮᠣᠩᠭᠤᠯ ᠪᠠᠩᠬᠢ ᠲᠠᠢ ᠬᠠᠮᠲᠤᠷᠠᠨ ᠵᠣᠬᠢᠶᠠᠨ ᠪᠠᠶᠢᠭᠤᠯᠪᠠ᠃
ᠬᠤᠶᠠᠷ ᠤᠯᠤᠰ ᠤᠨ ᠬᠤᠳᠠᠯᠳᠤᠭᠠᠨ ᠤ ᠬᠡᠮᠵᠢᠶ᠎ᠡ ᠶᠢ 2020 ᠣᠨ ᠳᠤ 10 ᠲᠡᠷᠪᠤᠮ ᠳ᠋ᠣᠯᠯᠠᠷ ᠲᠤ ᠬᠦᠷᠭᠡᠬᠦ ᠵᠣᠷᠢᠯᠲᠠ ᠶᠢ ᠳᠡᠪᠰᠢᠭᠦᠯᠦᠭᠰᠡᠨ ᠤ ᠳᠠᠭᠠᠤ 2021 ᠣᠨ ᠳᠤ ᠬᠤᠳᠠᠯᠳᠤᠭᠠᠨ ᠤ ᠭᠡᠮᠵᠢᠶ᠎ᠠ 10.1 ᠲᠡᠷᠪᠤᠮ ᠳ᠋ᠣᠯᠯᠠᠷ ᠲᠤ ᠬᠦᠷᠦᠭᠰᠡᠨ ᠪᠥᠭᠡᠳ ᠴᠢᠨᠠᠭᠰᠢᠳᠠ ᠬᠤᠳᠠᠯᠳᠤᠭ᠎ᠠ᠂ ᠡᠳ᠋ ᠤᠨ ᠵᠠᠰᠠᠭ ᠤᠨ ᠬᠠᠷᠢᠯᠴᠠᠭ᠎ᠠ ᠶᠢ ᠰᠢᠨ᠎ᠡ ᠠᠭᠤᠯᠭ᠎ᠠ ᠪᠠᠷ ᠪᠠᠶᠠᠵᠢᠭᠤᠯᠤᠨ ᠬᠥᠭᠵᠢᠭᠦᠯᠵᠦ᠂ ᠬᠤᠯᠪᠦᠬᠳᠡᠬᠤ ᠰᠠᠯᠪᠤᠷᠢ ᠨᠤᠭᠤᠳ ᠤᠨ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠦᠨ ᠬᠥᠭᠵᠢᠭᠦᠯᠬᠦ ᠶᠢ ᠬᠤᠷᠠᠯ ᠳᠤ ᠤᠷᠤᠯᠴᠠᠭᠰᠠᠳ ᠣᠨᠴᠠᠯᠠᠪᠠ᠃
ᠬᠤᠷᠠᠯ ᠳᠤ ᠬᠤᠯᠪᠦᠬᠳᠡᠬᠤ ᠶᠠᠮᠤᠨ᠂ ᠰᠤᠳᠤᠯᠭᠠᠨ ᠤ ᠪᠠᠶᠢᠭᠤᠯᠤᠯᠭ᠎ᠠ᠂ ᠠᠬᠤᠢ ᠶᠢᠨ ᠨᠢᠭᠡᠴᠡ ᠶᠢᠨ 50 ᠭᠠᠷᠦᠢ ᠲᠥᠯᠦᠭᠡᠯᠡᠭᠴᠢᠳ ᠣᠷᠣᠯᠴᠠᠭᠰᠠᠨ ᠪᠠᠶᠢᠨ᠎ᠡ᠃ 2021 ᠣᠨ ᠳᠤ ᠮᠣᠩᠭᠤᠯ ᠤᠯᠤᠰ ᠳᠡᠯᠡᠬᠡᠢ ᠶᠢᠨ 64 ᠣᠷᠣᠨ ᠳᠤ ᠪᠠᠷᠠᠭ᠎ᠠ ᠭᠠᠷᠭᠠᠭᠰᠠᠨ ᠠᠴᠠ ᠬᠢᠲᠠᠳ ᠲᠤ 82.6 ᠬᠤᠪᠢ ᠶᠢ᠂ 159 ᠣᠷᠣᠨ ᠠᠴᠠ ᠭᠠᠷᠤᠯ ᠡᠭᠦᠰᠦᠯ ᠲᠠᠢ ᠪᠠᠷᠠᠭ᠎ᠠ ᠤᠷᠤᠭᠤᠯᠤᠭᠰᠠᠨ ᠠᠴᠠ ᠬᠢᠲᠠᠳ 36.4 ᠬᠤᠪᠢ ᠶᠢ ᠲᠤᠰ ᠲᠤᠰ ᠡᠵᠡᠯᠡᠵᠦ ᠪᠠᠶᠢᠨ᠎ᠡ᠃