ᠣᠯᠠᠨ ᠤᠯᠤᠰ ᠤᠨ ᠰᠢᠯᠵᠢᠯᠲᠡ ᠬᠥᠳᠡᠯᠭᠡᠭᠡᠨ ᠤ ᠪᠠᠶᠢᠭᠤᠯᠤᠯᠭ᠎ᠠ ᠶᠢᠨ ᠮᠧᠨᠧᠵᠧᠷ ᠲᠠᠢ ᠠᠭᠤᠯᠵᠠᠪᠠ | News.MN

ᠣᠯᠠᠨ ᠤᠯᠤᠰ ᠤᠨ ᠰᠢᠯᠵᠢᠯᠲᠡ ᠬᠥᠳᠡᠯᠭᠡᠭᠡᠨ ᠤ ᠪᠠᠶᠢᠭᠤᠯᠤᠯᠭ᠎ᠠ ᠶᠢᠨ ᠮᠧᠨᠧᠵᠧᠷ ᠲᠠᠢ ᠠᠭᠤᠯᠵᠠᠪᠠ

ᠭᠠᠳᠠᠭᠠᠳᠤ ᠬᠠᠷᠢᠯᠴᠠᠭᠠᠨ ᠤ ᠰᠠᠶᠢᠳ ᠪ ∙ᠪᠠᠲᠤᠴᠡᠴᠡᠭ ᠵᠢᠷᠭᠤᠳᠤᠭᠠᠷ ᠰᠠᠷ᠎ᠠ ᠶᠢᠨ 21  ᠳᠤ  ᠨᠢᠭᠡᠳᠦᠭᠰᠡᠨ ᠦᠨᠳᠦᠰᠦᠨ ᠤ ᠪᠠᠶᠢᠭᠤᠯᠤᠯᠭ᠎ᠠ  ᠶᠢᠨ ᠣᠯᠠᠨ ᠤᠯᠤᠰ ᠤᠨ ᠰᠢᠯᠵᠢᠯᠲᠡ ᠬᠥᠳᠡᠯᠭᠡᠭᠡᠨ ᠤ ᠪᠠᠶᠢᠭᠤᠯᠤᠯᠭ᠎ᠠ ᠶᠢᠨ ᠮᠣᠩᠭᠤᠯ ᠳᠠᠬᠢ ᠰᠠᠯᠪᠤᠷᠢ ᠶᠢᠨ ᠬᠥᠲᠥᠯᠪᠦᠷᠢ ᠶᠢᠨ ᠮᠧᠨᠧᠵᠧᠷ  ᠸᠢᠺᠲ᠋ᠤᠷ ᠯᠤᠲ᠋ᠧᠨᠺᠤ ᠶᠢ ᠲᠣᠮᠢᠯᠠᠯᠲᠠ ᠶᠢᠨ ᠬᠤᠭᠤᠴᠠᠭ᠎ᠠ ᠳᠠᠭᠤᠰᠬᠠᠪᠤᠷᠢ ᠪᠣᠯᠵᠤ ᠪᠠᠶᠢᠭ᠎ᠠ ᠲᠠᠢ ᠨᠢ ᠬᠤᠯᠪᠤᠭᠳᠠᠭᠤᠯᠤᠨ ᠬᠦᠯᠢᠶᠡᠨ ᠠᠪᠴᠤ ᠠᠭᠤᠯᠵᠠᠪᠠ᠃
ᠸᠢᠺᠲ᠋ᠤᠷ ᠯᠤᠲ᠋ᠧᠨᠺᠤ  ᠨᠢ 2019 ᠣᠨ ᠳᠤ ᠮᠣᠩᠭᠤᠯ ᠤᠯᠤᠰ ᠲᠤ ᠲᠣᠮᠢᠯᠠᠭᠳᠠᠨ ᠢᠷᠡᠭᠰᠡᠨ ᠠᠴᠠ ᠪᠠᠨ ᠬᠤᠶᠢᠰᠢ ᠮᠣᠩᠭᠤᠯ  ᠤᠯᠤᠰ᠂ ᠣᠯᠠᠨ ᠤᠯᠤᠰ ᠤᠨ ᠰᠢᠯᠵᠢᠯᠲᠡ ᠬᠥᠳᠡᠯᠭᠡᠭᠡᠨ ᠤ ᠪᠠᠶᠢᠭᠤᠯᠤᠯᠭ᠎ᠠ ᠬᠤᠭᠤᠷᠤᠨᠳᠤ ᠶᠢᠨ ᠬᠠᠮᠲᠤ ᠶᠢᠨ ᠠᠵᠢᠯᠯᠠᠭ᠎ᠠ ᠶᠢ ᠢᠳᠡᠪᠬᠢᠵᠢᠭᠦᠯᠬᠦ᠂ ᠳᠣᠲᠣᠭᠠᠳᠤ ᠶᠢᠨ ᠰᠢᠯᠵᠢᠯᠲᠡ ᠬᠥᠳᠡᠯᠭᠡᠭᠡᠨ ᠤ ᠲᠠᠯ᠎ᠠ ᠪᠠᠷ ᠬᠢ ᠤᠢᠯᠠᠭᠠᠯᠲᠠ᠂ ᠴᠢᠳᠠᠪᠬᠢ ᠶᠢ ᠪᠠᠬᠢᠵᠢᠭᠦᠯᠬᠦ᠂ ᠬᠥᠮᠦᠨ ᠬᠤᠳᠠᠯᠳᠤᠭᠠᠯᠠᠬᠤ ᠭᠡᠮᠲᠦ ᠬᠡᠷᠡᠭ ᠲᠠᠢ ᠲᠡᠮᠡᠴᠡᠬᠦ᠂ ᠤᠷᠢᠳᠴᠢᠯᠠᠨ ᠰᠡᠷᠭᠡᠶᠢᠯᠡᠬᠦ ᠵᠡᠷᠭᠡ ᠴᠢᠭᠯᠡᠯ ᠢᠶᠠᠷ ᠲᠥᠰᠥᠯ᠂ ᠬᠥᠲᠥᠯᠪᠦᠷᠢ ᠬᠡᠷᠡᠭᠵᠢᠭᠦᠯᠬᠦ ᠳᠤ ᠢᠳᠡᠪᠬᠢ ᠰᠠᠨᠠᠭᠠᠴᠢᠯᠭ᠎ᠠ ᠲᠠᠢ ᠠᠵᠢᠯᠯᠠᠭᠰᠠᠨ᠃ ᠮᠦᠠ  ᠲᠠᠬᠤᠯ ᠤᠨ ᠤᠯᠠᠮ ᠠᠴᠠ ᠬᠢᠯᠢ ᠶᠢᠨ ᠴᠢᠨᠠᠳᠤ ᠳᠤ ᠭᠠᠴᠢᠭᠰᠠᠨ᠂ ᠰᠠᠩᠬᠦᠦ ᠶᠢᠨ ᠬᠦᠨᠳᠦᠷᠡᠯ ᠳᠤ ᠣᠷᠣᠭᠰᠠᠨ 900 ᠭᠠᠷᠦᠢ ᠭᠠᠷᠦᠢ ᠮᠣᠩᠭᠤᠯ ᠢᠷᠭᠡᠨ ᠢ  ᠡᠬᠡ ᠣᠷᠣᠨ ᠳᠤ ᠨᠢ ᠪᠤᠴᠠᠭᠠᠨ ᠢᠷᠡᠭᠦᠯᠬᠦ ᠠᠵᠢᠯ ᠳᠤ ᠮᠧᠨᠧᠵᠧᠷ ᠸᠢᠺᠲ᠋ᠤᠷ   ᠯᠤᠲ᠋ᠧᠨᠺᠤ ᠦᠨ᠎ᠡ ᠲᠠᠢ ᠬᠤᠪᠢ ᠨᠡᠮᠡᠷᠢ ᠣᠷᠣᠭᠤᠯᠵᠤ᠂ ᠤᠭ ᠢᠷᠭᠡᠳ ᠤᠨ ᠨᠤᠳᠤᠬ ᠪᠤᠴᠠᠬᠤ ᠵᠠᠷᠤᠳᠠᠯ ᠳᠤ ᠵᠣᠷᠢᠭᠤᠯᠵᠤ 3.3 ᠲᠡᠷᠪᠤᠮ ᠣᠷᠴᠢᠮ ᠲᠥᠭᠦᠷᠢᠭ ᠢ ᠵᠠᠷᠤᠴᠠᠭᠤᠯᠤᠭᠰᠠᠨ ᠶᠤᠮ᠃

ᠰᠡᠳᠬᠢᠭᠳᠡᠯ ᠦᠯᠡᠳᠡᠭᠡᠬᠦ