《ᠤᠯᠠᠭᠠᠨᠪᠠᠭᠠᠲᠤᠷ ᠤᠨ ᠶᠠᠷᠢᠶ᠎ᠠ ᠬᠡᠯᠡᠯᠴᠡᠭᠡ》ᠣᠯᠠᠨ ᠤᠯᠤᠰ ᠤᠨ ᠪᠠᠭ᠎ᠠ ᠬᠤᠷᠠᠯ ᠡᠬᠢᠯᠡᠯ᠎ᠡ | News.MN

《ᠤᠯᠠᠭᠠᠨᠪᠠᠭᠠᠲᠤᠷ ᠤᠨ ᠶᠠᠷᠢᠶ᠎ᠠ ᠬᠡᠯᠡᠯᠴᠡᠭᠡ》ᠣᠯᠠᠨ ᠤᠯᠤᠰ ᠤᠨ ᠪᠠᠭ᠎ᠠ ᠬᠤᠷᠠᠯ ᠡᠬᠢᠯᠡᠯ᠎ᠡ

ᠵᠡᠭᠦᠨ ᠬᠤᠢᠳᠤ ᠠᠽᠢᠶ᠎ᠠ ᠶᠢᠨ ᠠᠶᠤᠯᠭᠦᠢ ᠪᠠᠶᠢᠳᠠᠯ ᠤᠨ《ᠤᠯᠠᠭᠠᠨᠪᠠᠭᠠᠲᠤᠷ ᠤᠨ ᠶᠠᠷᠢᠶ᠎ᠠ ᠬᠡᠯᠡᠯᠴᠡᠭᠡ》 ᠣᠯᠠᠨ ᠤᠯᠤᠰ ᠤᠨ ᠳᠤᠯᠤᠳᠤᠭᠠᠷ ᠪᠠᠭ᠎ᠠ ᠬᠤᠷᠠᠯ ᠥᠨᠥᠳᠥᠷ ᠡᠬᠢᠯᠡᠯ᠎ᠡ᠃ ᠮᠣᠩᠭᠣᠯ ᠤᠯᠤᠰ 1980  ᠊ᠭᠠᠳ ᠣᠨ ᠠᠴᠠ ᠵᠡᠭᠦᠨ ᠬᠤᠢᠳᠤ ᠠᠽᠢᠶ᠎ᠠ ᠶᠢᠨ ᠶᠠᠷᠢᠶ᠎ᠠ ᠬᠡᠯᠡᠯᠴᠡᠭᠡᠨ ᠦ ᠮᠧᠬᠠᠨᠢᠰᠮ ᠢ ᠪᠤᠢ ᠪᠣᠯᠭᠠᠬᠤ ᠵᠣᠷᠢᠯᠭ᠎ᠠ ᠲᠠᠯᠪᠢᠵᠤ᠂ 2013 ᠣᠨ ᠳᠤ ᠵᠡᠭᠦᠨ ᠬᠤᠢᠳᠤ ᠠᠽᠢᠶ᠎ᠠ ᠶᠢᠨ ᠠᠶᠤᠯᠭᠦᠢ ᠪᠠᠶᠢᠳᠠᠯ ᠤᠨ ᠠᠰᠠᠭᠤᠳᠠᠯ ᠤᠨ 《ᠤᠯᠠᠭᠠᠨᠪᠠᠭᠠᠲᠤᠷ ᠤᠨ ᠶᠠᠷᠢᠶ᠎ᠠ ᠬᠡᠯᠡᠯᠴᠡᠭᠡ》ᠰᠠᠨᠠᠭᠠᠴᠢᠯᠠᠭ᠎ᠠ ᠶᠢ ᠳᠡᠪᠰᠢᠭᠦᠯᠦᠨ᠂ ᠡᠨᠡ ᠬᠦᠷᠢᠶᠡᠨ ᠳᠦ 2014-2019 ᠣᠨ ᠳᠤ ᠣᠯᠠᠨ ᠤᠯᠤᠰ ᠤᠨ ᠪᠠᠭ᠎ᠠ ᠬᠤᠷᠠᠯ ᠵᠢᠷᠭᠤᠭᠠᠨ ᠤᠳᠠᠭ᠎ᠠ ᠵᠣᠬᠢᠶᠠᠨ ᠪᠠᠶᠢᠭᠤᠯᠤᠭᠰᠠᠨ᠃ ᠴᠠᠷ᠎ᠠ ᠲᠠᠬᠤᠯ ᠤᠨ ᠤᠯᠠᠮ ᠠᠴᠠ 2020᠂ 2021 ᠣᠨ ᠳᠤ ᠬᠣᠶᠢᠰᠢᠯᠠᠭᠤᠯᠤᠭᠰᠠᠨ《ᠤᠯᠠᠭᠠᠨᠪᠠᠭᠠᠲᠤᠷ ᠤᠨ ᠶᠠᠷᠢᠶ᠎ᠠ ᠬᠡᠯᠡᠯᠴᠡᠭᠡ》ᠣᠯᠠᠨ ᠤᠯᠤᠰ ᠤᠨ ᠳᠤᠯᠤᠳᠤᠭᠠᠷ ᠪᠠᠭ᠎ᠠ ᠬᠤᠷᠠᠯ ᠡᠨᠡ ᠰᠠᠷ᠎ᠠ ᠶᠢᠨ 23-24  ᠳᠤ ᠪᠤᠯᠪᠠ᠃
ᠡᠨᠡ ᠤᠳᠠᠭ᠎ᠠ ᠶᠢᠨ ᠬᠤᠷᠠᠯ  ᠳᠦ᠄《ᠪᠥᠰᠡ ᠨᠤᠲᠤᠭ ᠤᠨ ᠠᠶᠤᠯᠭᠦᠢ ᠪᠠᠶᠢᠳᠠᠯ ᠤᠨ ᠰᠣᠷᠢᠯᠲᠠ᠂ ᠪᠣᠯᠤᠮᠵᠢ》᠂《ᠵᠡᠭᠦᠨ ᠬᠤᠢᠳᠤ ᠠᠽᠢᠶ᠎ᠠ ᠶᠢᠨ ᠣᠯᠠᠨ ᠲᠠᠯᠠᠲᠤ ᠬᠠᠮᠲᠤ ᠶᠢᠨ ᠠᠵᠢᠯᠯᠠᠭ᠎ᠠ》᠂《ᠵᠡᠭᠦᠨ ᠬᠤᠢᠳᠤ ᠠᠽᠢᠶ᠎ᠠ ᠶᠢᠨ ᠡᠩᠬᠡ ᠲᠠᠶᠢᠪᠤᠩ ᠤᠨ ᠢᠷᠡᠭᠡᠳᠦᠢ》 ᠂《ᠴᠠᠷ᠎ᠠ ᠲᠠᠬᠤᠯ ᠤᠨ ᠳᠠᠷᠠᠭᠠᠬᠢ ᠪᠥᠰᠡ ᠨᠤᠲᠤᠭ ᠤᠨ ᠡᠳ᠋  ᠦᠨ ᠵᠠᠰᠠᠭ ᠤᠨ ᠬᠠᠮᠲᠤ ᠶᠢᠨ ᠠᠵᠢᠯᠯᠠᠭ᠎ᠠ》᠂《ᠵᠡᠭᠦᠨ ᠬᠤᠢᠳᠤ ᠠᠽᠢᠶ᠎ᠠ ᠶᠢᠨ   ᠡᠷᠴᠢᠮ ᠬᠦᠴᠦᠨ ᠦ ᠰᠢᠯᠵᠢᠯᠲᠡ ᠳ᠋ᠡᠬᠢ ᠴᠠᠬᠢᠯᠭᠠᠨ ᠳᠠᠮᠵᠢᠭᠤᠯᠬᠤ ᠰᠦᠯᠵᠢᠶᠡᠨ ᠦ ᠤᠶᠠᠯᠳᠤᠭ᠎ᠠ ᠬᠣᠯᠪᠣᠭ᠎ᠠ》ᠭᠡᠰᠡᠨ ᠦᠨᠳᠦᠰᠦᠨ ᠲᠠᠪᠤᠨ ᠰᠠᠯᠪᠤᠷᠢ ᠬᠤᠷᠠᠯᠳᠤᠭᠠᠨ  ᠪᠤᠯᠵᠠᠢ᠃ ᠵᠡᠭᠦᠨ ᠬᠤᠢᠳᠤ ᠠᠽᠢᠶ᠎ᠠ ᠶᠢᠨ ᠤᠯᠤᠰ ᠣᠷᠣᠨ ᠨᠤᠭᠤᠳ ᠠᠴᠠ ᠭᠠᠳᠠᠨ᠎ᠠ ᠠᠦᠢᠰᠲᠷᠠᠯᠢᠶ᠎ᠠ᠂ ᠺᠠᠨᠠᠳᠠ᠂  ᠢᠲ᠋ᠠᠯᠢ᠂ ᠹᠷᠠᠨᠼᠢ᠂ ᠶᠡᠬᠡ ᠪᠷᠢᠲ᠋ᠠᠨ᠂  ᠲᠦᠷᠺ᠂ ᠰᠯᠣᠸᠧᠨᠢ᠂ ᠯᠢᠲ᠋ᠸᠠ ᠵᠡᠷᠭᠡ ᠤᠯᠤᠰ᠂ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ᠂ ᠣᠯᠠᠨ ᠤᠯᠤᠰ ᠤᠨ ᠪᠠᠶᠢᠭᠤᠯᠤᠯᠭ᠎ᠠ ᠨᠤᠭᠤᠳ ᠤᠨ ᠨᠡᠶᠢᠲᠡ 150 ᠣᠷᠴᠢᠮ ᠲᠥᠯᠥᠭᠡᠯᠡᠭᠴᠢ ᠤᠭ ᠠᠷᠭ᠎ᠠ ᠬᠡᠮᠵᠢᠶᠡᠨ ᠳᠦ ᠤᠷᠤᠯᠴᠠᠵᠠᠢ᠃

ᠰᠡᠳᠬᠢᠭᠳᠡᠯ ᠦᠯᠡᠳᠡᠭᠡᠬᠦ