ᠲᠥᠭᠥᠷᠢᠭ ᠦᠨ ᠬᠠᠳᠠᠭᠠᠯᠠᠮᠵᠢ ᠡᠨᠡ ᠣᠨ ᠤ 5 ᠳ᠋ᠤᠭᠠᠷ ᠰᠠᠷ᠎ᠠ ᠶᠢᠨ ᠡᠴᠦᠰ ᠲᠦ 13.9 ᠶᠡᠬᠡ ᠨᠠᠶᠤᠳ ᠲᠥᠭᠥᠷᠢᠭ ᠪᠣᠯᠤᠯ᠎ᠠ᠃ ᠡᠨᠡ ᠨᠢ ᠡᠮᠦᠨᠡᠬᠢ ᠰᠠᠷ᠎ᠠ ᠶᠢᠨ ᠬᠢ ᠠᠴᠠ 221.2︵1.6 ᠬᠤᠪᠢ︶ᠲᠡᠷᠪᠤᠮ ᠲᠥᠭᠥᠷᠢᠭ ᠢᠶᠡᠷ ᠨᠡᠮᠡᠭᠳᠡᠵᠦ᠂ ᠡᠮᠦᠨᠡᠬᠢ ᠣᠨ ᠤ ᠮᠥᠨ ᠦᠶ᠎ᠡ ᠶᠢᠨ ᠬᠢ ᠡᠴᠡ 1.1︵7.3 ᠬᠤᠪᠢ︶ᠶᠡᠬᠡ ᠨᠠᠶᠤᠳ ᠲᠥᠭᠥᠷᠢᠭ ᠢᠶᠡᠷ ᠪᠠᠭᠠᠰᠤᠭᠰᠠᠨ ᠢ ᠦᠨᠳᠦᠰᠦᠨ ᠦ ᠰᠲ᠋ᠠᠲ᠋ᠢᠰᠲ᠋ᠢᠺ ᠤᠨ ᠬᠣᠷᠢᠶ᠎ᠠ ᠮᠡᠳᠡᠭᠡᠯᠡᠪᠡ᠃
ᠲᠥᠭᠥᠷᠢᠭ ᠦᠨ ᠬᠠᠳᠠᠭᠠᠯᠠᠮᠵᠢ ᠶᠢᠨ 87.1 ᠬᠤᠪᠢ︵12.1 ᠶᠡᠬᠡ ᠨᠠᠶᠤᠳ ᠲᠥᠭᠥᠷᠢᠭ︶ᠨᠢ ᠢᠷᠭᠡᠳ ᠦᠨ᠂ 12.9 ᠬᠤᠪᠢ ︵1.8 ᠶᠡᠬᠡ ᠨᠠᠶᠤᠳ ᠲᠥᠭᠥᠷᠢᠭ︶ᠨᠢ ᠠᠵᠤ ᠠᠬᠤᠢ ᠶᠢᠨ ᠨᠢᠭᠡᠴᠡ᠂ ᠪᠠᠶᠢᠭᠤᠯᠤᠯᠭ᠎ᠠ ᠶᠢᠨ ᠬᠠᠳᠠᠭᠠᠯᠠᠮᠵᠢ ᠪᠠᠶᠢᠨ᠎ᠠ᠃ ᠸᠠᠯᠢᠶᠤᠲ ᠤᠨ ᠬᠠᠳᠠᠭᠠᠯᠠᠮᠵᠢ 4.4 ᠶᠡᠬᠡ ᠨᠠᠶᠤᠳ ᠲᠥᠭᠥᠷᠢᠭ ᠪᠣᠯᠵᠤ᠂ ᠡᠮᠦᠨᠡᠬᠢ ᠰᠠᠷ᠎ᠠ ᠶᠢᠨ ᠬᠢ ᠠᠴᠠ 28.7︵0.7 ᠬᠤᠪᠢ︶ᠲᠡᠷᠪᠤᠮ᠂ ᠡᠮᠦᠨᠡᠬᠢ ᠣᠨ ᠤ ᠮᠥᠨ ᠦᠶ᠎ᠡ ᠶᠢᠨ ᠬᠢ ᠡᠴᠡ 112.2︵2.6 ᠬᠤᠪᠢ︶ ᠲᠡᠷᠪᠤᠮ ᠲᠥᠭᠥᠷᠢᠭ ᠢᠶᠡᠷ ᠨᠡᠮᠡᠭᠳᠡᠵᠡᠢ᠃