《ᠰᠢᠨ᠎ᠡ ᠰᠡᠷᠭᠦᠯᠲᠡ ᠶᠢᠨ ᠪᠣᠳᠣᠯᠭ᠎ᠠ》ᠪᠠᠷ ᠬᠡᠷᠡᠭᠵᠢᠭᠦᠯᠬᠦ 94 ᠲᠥᠰᠥᠯ ᠢ ᠲᠠᠨᠢᠯᠴᠠᠭᠤᠯᠤᠨ᠎ᠠ | News.MN

《ᠰᠢᠨ᠎ᠡ ᠰᠡᠷᠭᠦᠯᠲᠡ ᠶᠢᠨ ᠪᠣᠳᠣᠯᠭ᠎ᠠ》ᠪᠠᠷ ᠬᠡᠷᠡᠭᠵᠢᠭᠦᠯᠬᠦ 94 ᠲᠥᠰᠥᠯ ᠢ ᠲᠠᠨᠢᠯᠴᠠᠭᠤᠯᠤᠨ᠎ᠠ

ᠮᠣᠩᠭᠣᠯ᠂ ᠲᠦᠷᠺ ᠤᠨ ᠪᠢᠽᠢᠨᠧᠰ ᠹᠣᠷᠣᠮ ᠢ ᠡᠨᠡ ᠣᠨ ᠤ ᠶᠢᠰᠦᠳᠦᠭᠡᠷ ᠰᠠᠷ᠎ᠠ ᠳᠤ ᠤᠯᠠᠭᠠᠨᠪᠠᠭᠠᠲᠤᠷ ᠬᠤᠲᠠ ᠳᠤ ᠵᠣᠬᠢᠶᠠᠨ ᠪᠠᠶᠢᠭᠤᠯᠬᠤ ᠪᠠᠷ ᠮᠣᠩᠭᠣᠯ ᠤᠨ ᠦᠨᠳᠦᠰᠦᠨ ᠦ ᠬᠤᠳᠠᠯᠳᠤᠭ᠎ᠠ ᠠᠵᠤ ᠦᠢᠯᠡᠳᠪᠦᠷᠢ ᠶᠢᠨ ᠲᠠᠩᠬᠢᠮ᠂ ᠲᠦᠷᠺ ᠤᠯᠤᠰ ᠤᠨ ᠲᠠᠩᠬᠢᠮ᠂ ᠪᠢᠷᠵᠢ ᠨᠦᠭᠦᠳ ᠦᠨ ᠬᠣᠯᠪᠣᠭ᠎ᠠ ᠲᠣᠬᠢᠷᠠᠯᠴᠠᠭᠠᠳ ᠪᠠᠶᠢᠨ᠎ᠠ᠃

ᠹᠣᠷᠣᠮ ᠢᠶᠠᠷ ᠮᠣᠩᠭᠣᠯ ᠤᠨ ᠲᠠᠯ᠎ᠠ ᠲᠥᠷᠥ ᠬᠤᠪᠢ ᠶᠢᠨ ᠬᠡᠪᠰᠢᠯ᠂ ᠬᠥᠷᠥᠩᠭᠡ ᠣᠷᠣᠭᠤᠯᠤᠭᠴᠢᠳ ᠤᠨ ᠲᠦᠩᠰᠢᠯᠡᠯ ᠳᠦ ᠲᠤᠯᠭᠠᠭᠤᠷᠢᠯᠠᠨ ᠬᠡᠷᠡᠭᠵᠢᠭᠦᠯᠬᠦ ᠳᠡᠳ᠋ ᠪᠦᠲᠦᠴᠡ᠂ ᠡᠷᠴᠢᠮ ᠬᠦᠴᠦᠨ ᠦ 94 ᠲᠥᠰᠥᠯ ᠢ ᠲᠦᠷᠺ ᠤᠨ ᠬᠥᠷᠥᠩᠭᠡ ᠣᠷᠣᠭᠤᠯᠤᠭᠴᠢ ᠨᠠᠷ ᠲᠤ ᠲᠠᠨᠢᠯᠴᠠᠭᠤᠯᠬᠤ ᠶᠤᠮ᠃
ᠮᠦᠨ ᠬᠣᠶᠠᠷ ᠣᠷᠣᠨ ᠤ ᠬᠤᠳᠠᠯᠳᠤᠭᠠᠨ ᠤ ᠲᠡᠩᠴᠡᠯ ᠢ ᠬᠠᠩᠭᠠᠬᠤ᠂ ᠮᠣᠩᠭᠣᠯ ᠤᠨ ᠲᠠᠯ᠎ᠠ ᠶᠢᠨ ᠡᠺᠰᠫᠣᠷᠲ ᠢ ᠨᠡᠮᠡᠭᠳᠡᠭᠦᠯᠬᠦ ᠴᠢᠭᠯᠡᠯ ᠢᠶᠡᠷ ᠬᠦᠳᠡᠭᠡ ᠠᠵᠤ ᠠᠬᠤᠢ᠂ ᠠᠷᠠᠰᠤ ᠰᠢᠷᠢ᠂ ᠲᠡᠭᠡᠭᠡᠪᠦᠷᠢ ᠯᠤᠭᠢᠰᠲ᠋ᠢᠺ︵ᠠᠭᠠᠷ ᠤᠨ᠂ ᠭᠠᠵᠠᠷ ᠤᠨ ᠠᠴᠢᠶ᠎ᠠ ᠲᠡᠭᠡᠭᠡᠪᠦᠷᠢ︶ ᠦᠨ ᠰᠠᠯᠪᠤᠷᠢ ᠳᠤ ᠬᠠᠮᠲᠤᠷᠠᠵᠤ ᠠᠵᠢᠯᠯᠠᠬᠤ ᠵᠡᠷᠭᠡ ᠪᠡᠷ ᠬᠤᠳᠠᠯᠳᠤᠭ᠎ᠠ᠂ ᠪᠢᠽᠢᠨᠧᠰ ᠦᠨ ᠬᠠᠮᠲᠤ ᠶᠢᠨ ᠠᠵᠢᠯᠯᠠᠭ᠎ᠠ ᠶᠢ ᠢᠳᠡᠪᠬᠢᠵᠢᠭᠦᠯᠬᠦ ᠲᠥᠯᠥᠪᠯᠡᠭᠡ ᠭᠠᠷᠭᠠᠨ ᠠᠵᠢᠯᠯᠠᠬᠤ ᠪᠠᠷ ᠪᠣᠯᠪᠠ᠃

ᠰᠡᠳᠬᠢᠭᠳᠡᠯ ᠦᠯᠡᠳᠡᠭᠡᠬᠦ