ᠪ∙ᠵᠢᠪᠬᠤᠯᠠᠩ᠄ ᠮᠠᠨ ᠤ ᠤᠯᠤᠰ ᠤᠨ ᠭᠠᠳᠠᠭᠠᠳᠤ ᠥᠷᠢ 33.8 ᠲᠡᠷᠪᠤᠮ ᠳ᠋ᠣᠯᠯᠠᠷ  | News.MN

ᠪ∙ᠵᠢᠪᠬᠤᠯᠠᠩ᠄ ᠮᠠᠨ ᠤ ᠤᠯᠤᠰ ᠤᠨ ᠭᠠᠳᠠᠭᠠᠳᠤ ᠥᠷᠢ 33.8 ᠲᠡᠷᠪᠤᠮ ᠳ᠋ᠣᠯᠯᠠᠷ 

ᠰᠠᠩ ᠤᠨ ᠰᠠᠶᠢᠳ ᠪ∙ᠵᠢᠪᠬᠤᠯᠠᠩ ᠮᠠᠨ ᠤ ᠤᠯᠤᠰ ᠤᠨ ᠥᠷᠢ ᠶᠢᠨ ᠨᠥᠬᠥᠴᠡᠯ ᠪᠠᠶᠢᠳᠠᠯ᠂ ᠪᠦᠲᠦᠴᠡ ᠶᠢᠨ ᠲᠠᠯ᠎ᠠ ᠪᠠᠷ ᠮᠡᠳᠡᠭᠡᠯᠡᠯ ᠥᠭᠭᠦᠯ᠎ᠡ᠃ ᠲᠡᠷᠡᠪᠡᠷ᠄ ᠵᠠᠰᠠᠭ ᠤᠨ ᠭᠠᠵᠠᠷ ᠤᠨᠦᠷᠢ ᠶᠢᠨ ᠮᠧᠨᠧᠵᠮᠧᠨᠲ ᠪᠦᠲᠦᠴᠡ ᠶᠢ ᠵᠠᠬ᠎ᠠ ᠵᠡᠭᠡᠯᠢ ᠳᠦ ᠢᠯᠡ ᠲᠣᠳᠣ ᠲᠠᠶᠢᠯᠤᠩᠨᠠᠵᠤ ᠬᠡᠯᠡᠯᠴᠡᠭᠦᠯᠦᠨ᠎ᠡ᠃ ᠡᠨᠡ ᠬᠦᠷᠢᠶᠡᠨ ᠳᠦ ᠡᠬᠢᠨ ᠦ ᠲᠠᠨᠢᠯᠴᠠᠭᠤᠯᠭ᠎ᠠ ᠶᠢ ᠬᠢᠵᠦ ᠪᠠᠶᠢᠨ᠎ᠠ᠃ ᠮᠠᠨ ᠤ ᠤᠯᠤᠰ ᠤᠨ ᠨᠡᠶᠢᠲᠡ ᠭᠠᠳᠠᠭᠠᠳᠤ ᠥᠷᠢ 33.8 ᠲᠡᠷᠪᠤᠮ ᠳ᠋ᠣᠯᠯᠠᠷ ᠪᠥᠭᠡᠳ ᠳᠣᠲᠣᠭᠠᠳᠤ ᠶᠢᠨ ᠨᠡᠶᠢᠲᠡ ᠪᠦᠲᠦᠭᠡᠭᠳᠡᠬᠦᠨ ᠦ 224 ᠬᠤᠪᠢ ᠲᠠᠢ ᠲᠡᠩᠴᠡᠵᠦ ᠪᠠᠶᠢᠨ᠎ᠠ᠃

ᠲᠥᠰᠥᠪ ᠦᠨ ᠲᠣᠭᠲᠠᠪᠤᠷᠢᠲᠠᠢ ᠪᠠᠶᠢᠳᠠᠯ ᠤᠨ ᠪᠣᠯᠤᠨ ᠥᠷᠢ ᠶᠢᠨ ᠤᠳᠤᠷᠢᠳᠤᠯᠭ᠎ᠠ ᠶᠢᠨ ᠲᠤᠬᠠᠢ ᠬᠠᠤᠯᠢ ᠪᠠᠷ ᠤᠯᠤᠰ ᠤᠨ ᠨᠡᠶᠢᠲᠡ ᠦᠷᠢ ᠪᠣᠯᠤᠨ ᠵᠠᠰᠠᠭ ᠤᠨ ᠭᠠᠵᠠᠷ ᠤᠨ ᠦᠷᠢ ᠶᠢ ᠲᠣᠳᠣᠷᠬᠠᠶᠢᠯᠠᠭᠰᠠᠨ ᠪᠠᠶᠢᠳᠠᠭ᠃ ᠵᠠᠰᠠᠭ ᠤᠨ ᠭᠠᠵᠠᠷ ᠤᠨ ᠵᠢᠭᠡᠯᠡᠭᠰᠡᠨ ᠭᠠᠳᠠᠭᠠᠳᠤ ᠥᠷᠢ 8.5 ᠲᠡᠷᠪᠤᠮ ᠳ᠋ᠣᠯᠯᠠᠷ᠂ ᠮᠣᠩᠭᠣᠯ ᠪᠠᠩᠭᠢᠨ ᠤ ᠵᠢᠭᠡᠯᠡᠭᠰᠡᠨ ᠭᠠᠳᠠᠭᠠᠳᠤ ᠥᠷᠢ 2.6 ᠲᠡᠷᠪᠤᠮ ᠳ᠋ᠣᠯᠯᠠᠷ᠂ ᠠᠷᠠᠯᠵᠢᠶᠠᠨ ᠤ ᠪᠠᠩᠭᠢ ᠨᠤᠭᠤᠳ ᠤᠨ ᠭᠠᠳᠠᠭᠠᠳᠤ ᠥᠷᠢ 1.6 ᠲᠡᠷᠪᠤᠮ ᠳ᠋ᠣᠯᠯᠠᠷ᠂ ᠠᠵᠤ ᠠᠬᠤᠢ ᠶᠢᠨ ᠨᠢᠭᠡᠴᠡ ᠨᠦᠭᠦᠳ ᠦᠨ ᠵᠢᠭᠡᠯᠡᠭᠰᠡᠨ ᠭᠠᠳᠠᠭᠠᠳᠤ ᠥᠷᠢ 21 ᠲᠡᠷᠪᠤᠮ ᠳ᠋ᠣᠯᠯᠠᠷ ᠪᠠᠶᠢᠭ᠎ᠠ ᠪᠠ ᠡᠭᠦᠨ ᠳᠦ ᠤᠭ᠍ᠶᠤᠲᠤᠯᠤᠭᠠᠢ ᠶᠢᠨ ᠥᠷᠢ 12.5 ᠲᠡᠷᠪᠤᠮ ᠳ᠋ᠣᠯᠯᠠᠷ ᠪᠠᠶᠢᠨ᠎ᠠ ᠭᠡᠯ᠎ᠡ᠃

ᠰᠡᠳᠬᠢᠭᠳᠡᠯ ᠦᠯᠡᠳᠡᠭᠡᠬᠦ