ᠳᠡᠯᠡᠬᠡᠢ ᠶᠢᠨ ᠪᠠᠩᠬᠢ ᠲᠠᠢ ᠬᠠᠮᠲᠤᠷᠠᠨ《ᠮᠣᠩᠭᠣᠯ ᠮᠢᠬ᠎ᠠ》ᠲᠥᠰᠥᠯ ᠢ ᠬᠡᠷᠡᠭᠵᠢᠭᠦᠯᠵᠦ ᠪᠠᠶᠢᠨ᠎ᠠ | News.MN

ᠳᠡᠯᠡᠬᠡᠢ ᠶᠢᠨ ᠪᠠᠩᠬᠢ ᠲᠠᠢ ᠬᠠᠮᠲᠤᠷᠠᠨ《ᠮᠣᠩᠭᠣᠯ ᠮᠢᠬ᠎ᠠ》ᠲᠥᠰᠥᠯ ᠢ ᠬᠡᠷᠡᠭᠵᠢᠭᠦᠯᠵᠦ ᠪᠠᠶᠢᠨ᠎ᠠ

ᠮᠣᠩᠭᠣᠯ ᠤᠯᠤᠰ ᠤᠨ ᠵᠠᠰᠠᠭ ᠤᠨ ᠭᠠᠵᠠᠷ᠂ ᠳᠡᠯᠡᠬᠡᠢ ᠶᠢᠨ ᠪᠠᠩᠬᠢ᠂ ᠣᠯᠠᠨ ᠤᠯᠤᠰ ᠤᠨ ᠰᠠᠩᠬᠦᠦ ᠶᠢᠨ ᠺᠤᠷᠫᠤᠷᠠᠼ ᠬᠠᠮᠲᠤᠷᠠᠨ《ᠮᠣᠩᠭᠣᠯ ᠮᠢᠬ᠎ᠠ》 ᠲᠥᠰᠥᠯ ᠢ ᠥᠩᠭᠡᠷᠡᠭᠰᠡᠨ ᠬᠣᠶᠠᠳᠤᠭᠠᠷ ᠰᠠᠷ᠎ᠠ ᠠᠴᠠ ᠬᠡᠷᠡᠭᠵᠢᠭᠦᠯᠵᠦ ᠡᠬᠢᠯᠡᠭᠰᠡᠨ᠃ ᠭᠤᠷᠪᠠᠨ ᠵᠢᠯ ᠦᠨ ᠬᠤᠭᠤᠴᠠᠭᠠᠨ ᠳᠤ ᠬᠡᠷᠡᠭᠵᠢᠭᠦᠯᠬᠦ ᠤᠭ ᠲᠥᠰᠥᠯ ᠨᠢ ᠮᠢᠬ᠎ᠠ᠂ ᠮᠢᠬᠠᠨ ᠪᠦᠲᠦᠭᠡᠭᠳᠡᠬᠦᠨ ᠡᠺᠰᠫᠣᠷᠲᠯᠠᠭᠴᠢ ᠠᠵᠤ ᠠᠬᠤᠢ ᠶᠢᠨ ᠨᠢᠭᠡᠴᠡ ᠨᠦᠭᠦᠳ ᠦᠨ ᠲᠣᠭ᠎ᠠ ᠶᠢ ᠨᠡᠮᠡᠭᠳᠡᠭᠦᠯᠬᠦ᠂ ᠮᠣᠩᠭᠣᠯ ᠮᠢᠬ᠎ᠠ ᠶᠢ ᠣᠯᠠᠨ ᠤᠯᠤᠰ ᠲᠤ ᠪᠷᠠᠨᠳ᠋ ᠪᠣᠯᠭᠠᠬᠤ᠂ ᠮᠣᠩᠭᠣᠯ ᠤᠯᠤᠰ ᠤᠨ ᠬᠦᠨᠡᠰᠦᠨ ᠦ ᠠᠶᠤᠯᠭᠦᠢ ᠪᠠᠶᠢᠳᠠᠯ ᠤᠨ ᠡᠷᠬᠡ ᠵᠦᠢ ᠶᠢᠨ ᠣᠷᠴᠢᠨ ᠢ ᠰᠠᠶᠢᠵᠢᠷᠠᠭᠤᠯᠬᠤ ᠵᠣᠷᠢᠯᠭ᠎ᠠ ᠲᠠᠢ᠃

ᠡᠨᠡ ᠲᠠᠯ᠎ᠠ ᠪᠠᠷ ᠰᠢᠳᠠᠷ ᠰᠠᠶᠢᠳ ᠰ∙ᠠᠮᠤᠷᠰᠠᠶᠢᠬᠠᠨ᠄ ᠵᠠᠰᠠᠭ ᠤᠨ ᠭᠠᠵᠠᠷ ᠠᠴᠠ ᠬᠦᠨᠡᠰᠦᠨ ᠦ  ᠠᠶᠤᠯᠭᠦᠢ ᠪᠠᠶᠢᠳᠠᠯ᠂ ᠦᠢᠯᠡᠳᠪᠦᠷᠢᠯᠡᠯ ᠦᠨ ᠡᠷᠬᠡ ᠵᠦᠢ ᠶᠢᠨ ᠣᠷᠴᠢᠨ ᠢ ᠰᠠᠶᠢᠵᠢᠷᠠᠭᠤᠯᠬᠤ ᠲᠠᠯ᠎ᠠ ᠳᠡᠭᠡᠷ᠎ᠡ ᠲᠦᠯᠬᠢᠭᠦᠦ ᠠᠩᠬᠠᠷᠴᠤ ᠠᠵᠢᠯᠯᠠᠵᠤ ᠪᠠᠶᠢᠨ᠎ᠠ᠃ ᠢᠩᠭᠢᠭᠰᠡᠨ ᠢᠶᠡᠷ ᠬᠡᠷᠡᠭᠯᠡᠭᠴᠢᠳ ᠬᠡᠷᠡᠭᠯᠡᠵᠦ ᠪᠤᠢ ᠪᠦᠲᠦᠭᠡᠭᠳᠡᠬᠦᠨ ᠳᠦ ᠪᠡᠨ ᠬᠢᠨᠠᠯᠲᠠ ᠲᠠᠯᠪᠢᠳᠠᠭ᠂ ᠰᠡᠳᠬᠢᠯ ᠬᠠᠩᠭᠠᠯᠤᠭᠤᠨ ᠪᠠᠶᠢᠬᠤ ᠨᠥᠬᠥᠴᠡᠯ ᠢ ᠪᠦᠷᠢᠳᠦᠭᠦᠯᠬᠦ ᠶᠤᠮ᠃ ᠮᠥᠨ ᠭᠠᠳᠠᠭᠠᠳᠤ ᠤᠷᠤᠭᠤ ᠨᠡᠶᠢᠯᠡᠭᠦᠯᠳᠡᠭ ᠴᠤ ᠪᠠᠢ᠂ ᠳᠣᠲᠣᠭᠠᠳᠤ ᠳᠤ ᠪᠠᠨ ᠬᠡᠷᠡᠭᠯᠡᠳᠡᠭ ᠴᠤ ᠪᠠᠢ ᠣᠯᠠᠨ ᠤᠯᠤᠰ ᠤᠨ ᠰᠲ᠋ᠠᠨᠳᠠᠷᠲ ᠢ ᠮᠥᠷᠳᠡᠳᠡᠭ ᠪᠠᠶᠢᠬᠤ ᠪᠠᠷ ᠡᠷᠬᠡ ᠵᠦᠢ ᠶᠢᠨ ᠣᠷᠴᠢᠨ ᠢ ᠪᠦᠷᠢᠳᠦᠭᠦᠯᠬᠦ ᠶᠤᠮ ᠭᠡᠪᠡ᠃

ᠰᠡᠳᠬᠢᠭᠳᠡᠯ ᠦᠯᠡᠳᠡᠭᠡᠬᠦ