ᠠᠦᠢᠰᠲᠷᠠᠯᠢᠶ᠎ᠠ ᠶᠢᠨ ᠡᠯᠴᠢᠨ ᠰᠠᠶᠢᠳ ᠢᠲᠡᠭᠡᠮᠵᠢᠯᠡᠬᠦ ᠵᠢᠭᠤᠬᠤ ᠪᠢᠴᠢᠭ ᠢᠶᠡᠨ ᠡᠷᠭᠦᠨ ᠪᠠᠷᠢᠪᠠ | News.MN

ᠠᠦᠢᠰᠲᠷᠠᠯᠢᠶ᠎ᠠ ᠶᠢᠨ ᠡᠯᠴᠢᠨ ᠰᠠᠶᠢᠳ ᠢᠲᠡᠭᠡᠮᠵᠢᠯᠡᠬᠦ ᠵᠢᠭᠤᠬᠤ ᠪᠢᠴᠢᠭ ᠢᠶᠡᠨ ᠡᠷᠭᠦᠨ ᠪᠠᠷᠢᠪᠠ

ᠮᠣᠩᠭᠣᠯ ᠤᠯᠤᠰ ᠤᠨ ᠶᠡᠷᠦᠩᠬᠡᠶᠢᠯᠡᠭᠴᠢ ᠤᠬᠤᠨ᠎ᠠ ᠶᠢᠨ ᠬᠦᠷᠡᠯᠰᠦ᠋ᠬᠡ ᠳᠦ ᠠᠦᠢᠰᠲᠷᠠᠯᠢᠶ᠎ᠠ ᠶᠢᠨ ᠬᠣᠯᠪᠣᠭᠠᠨ ᠤ ᠤᠯᠤᠰ ᠠᠴᠠ ᠮᠣᠩᠭᠣᠯ ᠤᠯᠤᠰ ᠲᠤ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ ᠺᠡᠲ᠋ᠢ ᠰᠮᠢᠲ ᠢᠲᠡᠭᠡᠮᠵᠢᠯᠡᠬᠦ ᠵᠢᠭᠤᠬᠤ ᠪᠢᠴᠢᠭ ᠢᠶᠡᠨ ᠡᠷᠭᠦᠨ  ᠪᠠᠷᠢᠪᠠ᠃
ᠮᠣᠩᠭᠣᠯ ᠤᠯᠤᠰ ᠤᠨ ᠶᠡᠷᠦᠩᠬᠡᠶᠢᠯᠡᠭᠴᠢ ᠮᠣᠩᠭᠣᠯ ᠤᠯᠤᠰ ᠲᠤ ᠰᠠᠭᠤᠬᠤ ᠡᠯᠴᠢᠨ ᠰᠠᠶᠢᠳ ᠢᠶᠠᠷ ᠲᠣᠮᠢᠯᠠᠭᠳᠠᠭᠰᠠᠨ ᠳᠤ ᠨᠢ ᠪᠠᠶᠠᠷ ᠬᠦᠷᠭᠡᠵᠦ᠂ ᠠᠮᠵᠢᠯᠲᠠ ᠬᠦᠰᠡᠪᠡ᠃ ᠮᠥᠨ ᠮᠣᠩᠭᠣᠯ᠂ ᠠᠦᠢᠰᠲᠷᠠᠯᠢᠶ᠎ᠠ ᠶᠢᠨ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ ᠲᠡᠦᠬᠡᠨ 50 ᠵᠢᠯ ᠦᠨ ᠣᠢ ᠡᠨᠡ ᠣᠨ ᠳᠤ ᠲᠣᠬᠢᠶᠠᠵᠤ ᠪᠤᠢ ᠶᠢ ᠣᠨᠴᠠᠯᠠᠵᠤ᠂ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ ᠬᠤᠳᠠᠯᠳᠤᠭ᠎ᠠ᠂ ᠡᠳ᠋ ᠦᠨ ᠵᠠᠰᠠᠭ᠂ ᠠᠭᠤᠯᠠ ᠠᠭᠤᠷᠬᠠᠢ᠂ ᠬᠥᠳᠡᠭᠡ ᠠᠵᠤ ᠠᠬᠤᠢ᠂ ᠪᠣᠯᠪᠠᠰᠤᠷᠠᠯ ᠤᠨ ᠰᠠᠯᠪᠤᠷᠢ ᠳᠤ ᠥᠷᠭᠡᠵᠢᠭᠦᠯᠦᠨ ᠬᠥᠭᠵᠢᠭᠦᠯᠬᠦ ᠥᠷᠭᠡᠨ ᠪᠣᠯᠤᠮᠵᠢ ᠪᠠᠶᠢᠭ᠎ᠠ ᠶᠢ ᠲᠡᠮᠳᠡᠭᠯᠡᠪᠡ᠃
ᠡᠯᠴᠢᠨ ᠰᠠᠶᠢᠳ ᠺᠡᠲ᠋ᠢ ᠰᠮᠢᠲ ᠮᠣᠩᠭᠣᠯ᠂ ᠠᠦᠢᠰᠲᠷᠠᠯᠢᠶ᠎ᠠ ᠶᠢᠨ《ᠥᠷᠭᠡᠳᠬᠡᠭᠰᠡᠨ ᠲᠦᠩᠰᠢᠯᠡᠯ》 ᠦᠨ ᠬᠠᠷᠢᠯᠴᠠᠭ᠎ᠠ ᠶᠢ ᠪᠦᠬᠦ ᠰᠠᠯᠪᠤᠷᠢ ᠳᠤ ᠥᠷᠭᠡᠵᠢᠭᠦᠯᠦᠨ ᠬᠥᠭᠵᠢᠭᠦᠯᠬᠦ᠂ ᠠᠦᠢᠰᠲᠷᠠᠯᠢᠶ᠎ᠠ ᠶᠢᠨ ᠬᠣᠯᠪᠣᠭᠠᠨ ᠤ ᠤᠯᠤᠰ ᠤᠨ ᠵᠠᠰᠠᠭ ᠤᠨ ᠭᠠᠵᠠᠷ ᠤᠨ ᠲᠡᠳᠬᠦᠯᠭᠡ ᠪᠡᠷ ᠰᠤᠷᠤᠯᠴᠠᠬᠤ ᠮᠣᠩᠭᠣᠯ ᠣᠶᠤᠲᠠᠨ ᠤ ᠲᠣᠭ᠎ᠠ ᠶᠢ ᠨᠡᠮᠡᠬᠦ᠂ ᠢᠷᠭᠡᠳ ᠤᠨ ᠬᠠᠷᠢᠯᠴᠠᠭ᠎ᠠ ᠶᠢ ᠪᠡᠬᠢᠵᠢᠭᠦᠯᠬᠦ ᠶᠢᠨ ᠲᠥᠯᠥᠭᠡ ᠬᠦᠴᠦᠨ ᠴᠢᠷᠮᠠᠶᠢᠯᠲᠠ ᠭᠠᠷᠭᠠᠨ ᠠᠵᠢᠯᠯᠠᠬᠤ ᠪᠠᠨ ᠢᠯᠡᠷᠬᠡᠶᠢᠯᠡᠪᠡ᠃

ᠰᠡᠳᠬᠢᠭᠳᠡᠯ ᠦᠯᠡᠳᠡᠭᠡᠬᠦ