ᠮᠣᠩᠭᠤᠯ ᠹᠷᠠᠨᠼᠢ ᠶᠢᠨ ᠬᠠᠮᠲᠤ ᠶᠢᠨ ᠠᠵᠢᠯᠯᠠᠭ᠎ᠠ ᠮᠠᠯ ᠠᠵᠤ ᠠᠬᠤᠢ ᠶᠢᠨ ᠰᠠᠯᠪᠤᠷᠢ ᠠᠴᠠ ᠡᠬᠢᠯᠡᠵᠦ ᠪᠠᠶᠢᠨ᠎ᠡ | News.MN

ᠮᠣᠩᠭᠤᠯ ᠹᠷᠠᠨᠼᠢ ᠶᠢᠨ ᠬᠠᠮᠲᠤ ᠶᠢᠨ ᠠᠵᠢᠯᠯᠠᠭ᠎ᠠ ᠮᠠᠯ ᠠᠵᠤ ᠠᠬᠤᠢ ᠶᠢᠨ ᠰᠠᠯᠪᠤᠷᠢ ᠠᠴᠠ ᠡᠬᠢᠯᠡᠵᠦ ᠪᠠᠶᠢᠨ᠎ᠡ

ᠮᠠᠨ ᠤ ᠤᠯᠤᠰ ᠹᠷᠠᠨᠼᠢ ᠤᠯᠤᠰ ᠲᠤ ᠪᠣᠯᠬᠤ ᠣᠯᠠᠨ ᠤᠯᠤᠰ ᠤᠨ ᠮᠠᠯ ᠠᠵᠤ ᠠᠬᠤᠢ ᠶᠢᠨ ᠦᠵᠡᠰᠬᠦᠯᠡᠩ ᠬᠤᠳᠠᠯᠳᠤᠭᠠᠨ ᠳᠤ ᠠᠩᠬ᠎ᠠ ᠤᠳᠠᠭ᠎ᠠ ᠬᠦᠨᠳᠦᠲᠦ ᠵᠣᠴᠢᠨ ᠢᠶᠠᠷ ᠤᠷᠦᠯᠴᠡᠬᠤ ᠭᠡᠵᠦ ᠪᠠᠶᠢᠨ᠎ᠡ᠃ ᠡᠨᠡ ᠲᠠᠯ᠎ᠠ ᠪᠠᠷ ᠦᠵᠡᠰᠬᠦᠯᠡᠩ ᠢ ᠬᠠᠷᠢᠭᠤᠴᠠᠭᠰᠠᠨ  ᠲᠥᠯᠥᠭᠡᠯᠡᠨ ᠤᠳᠤᠷᠢᠳᠬᠤ ᠵᠥᠪᠯᠡᠯ   ᠤᠨ ᠶᠡᠷᠦᠩᠬᠡᠶᠢᠯᠡᠭᠴᠢ ᠵᠠᠺ ᠱᠠᠽᠠᠯᠧᠲ ᠠᠴᠠ ᠲᠣᠳᠣᠷᠠᠭᠤᠯᠤᠯ᠎ᠠ᠃

ᠮᠣᠩᠭᠤᠯ᠂ ᠹᠷᠠᠨᠼᠢ ᠤᠯᠤᠰ ᠤᠨ ᠡᠷᠴᠢᠮᠵᠢᠭᠰᠡᠨ ᠮᠠᠯ ᠠᠵᠤ ᠠᠬᠤᠢ ᠶᠢ ᠬᠥᠭᠵᠢᠭᠦᠯᠬᠦ ᠬᠠᠮᠲᠤ ᠶᠢᠨ ᠠᠵᠢᠯᠯᠠᠭ᠎ᠠ ᠶᠢ  ᠲᠠ ᠶᠠᠭᠤ ᠭᠡᠵᠦ ᠦᠵᠡᠵᠦ ᠪᠠᠶᠢᠨ᠎ᠡ︖
ᠮᠣᠩᠭᠤᠯ  ᠤᠯᠤᠰ ᠬᠤᠶᠠᠷ ᠲᠣᠮᠤ ᠬᠥᠷᠰᠢ ᠶᠢᠨ ᠳᠤᠮᠳᠠ ᠣᠷᠣᠰᠢᠳᠠᠭ᠂ ᠮᠠᠯ ᠠᠵᠤ ᠠᠬᠤᠢ ᠶᠢ ᠬᠥᠭᠵᠢᠭᠦᠯᠵᠦ ᠪᠤᠶ ᠣᠷᠣᠨ᠃ ᠲᠡᠶᠢᠮᠦ ᠤᠴᠢᠷ ᠠᠴᠠ ᠬᠥᠳᠡᠭᠡ ᠠᠵᠤ ᠠᠬᠤᠢ᠂ ᠲᠡᠷᠡ ᠳᠤᠮᠳᠠ ᠪᠠᠨ ᠨᠡᠭᠦᠳᠡᠯ ᠤᠨ᠂ ᠪᠡᠯᠴᠢᠭᠡᠷ ᠤᠨ ᠮᠠᠯ ᠠᠵᠤ ᠠᠬᠤᠢ ᠪᠠᠨ ᠡᠷᠴᠢᠮᠵᠢᠭᠦᠯᠵᠦ ᠰᠠᠶᠢᠵᠢᠷᠠᠭᠤᠯᠬᠤ ᠱᠠᠭᠠᠷᠳᠠᠯᠭ᠎ᠠ ᠪᠠᠶᠢᠭ᠎ᠠ ᠭᠡᠵᠦ ᠦᠵᠡᠵᠦ ᠪᠠᠶᠢᠨ᠎ᠡ᠃ ᠡᠨᠡ ᠲᠡᠯ᠎ᠠ ᠳᠡᠭᠡᠷ᠎ᠡ ᠹᠷᠠᠨᠼᠢ  ᠤᠯᠤᠰ ᠳᠡᠮᠵᠢᠯᠭᠡ ᠦᠵᠡᠭᠦᠯᠬᠦ ᠨᠢ ᠡᠷᠭᠢᠭᠡᠳ  ᠲᠠᠨ ᠤ ᠣᠷᠣᠨ ᠤ ᠬᠥᠳᠡᠭᠡ ᠠᠵᠤ ᠠᠬᠤᠢ ᠳᠤ᠂ ᠮᠠᠯ ᠠᠵᠤ ᠠᠬᠤᠢ ᠳᠤ ᠨᠡᠮᠡᠭᠦᠤ ᠥᠷᠲᠡᠭ ᠪᠦᠲᠦᠭᠡᠬᠦ᠂ ᠬᠤᠶᠠᠷ ᠬᠥᠷᠰᠢ ᠠᠴᠠ ᠵᠠᠷᠢᠮ ᠰᠠᠯᠪᠤᠷᠢ ᠪᠠᠷ ᠬᠠᠮᠢᠶᠠᠷᠴᠤ ᠪᠤᠶ ᠪᠠᠶᠢᠳᠠᠯ ᠠᠴᠠ ᠬᠠᠷᠠᠬᠤ ᠳᠤ ᠰᠲᠷᠠᠲ᠋ᠧᠭᠢ ᠶᠢᠨ ᠬᠤᠪᠢ ᠳᠤ ᠴᠢᠬᠤᠯᠠ ᠬᠡᠮᠡᠨ ᠪᠣᠳᠣᠵᠤ ᠪᠠᠶᠢᠨ᠎ᠡ᠃
ᠮᠣᠩᠭᠤᠯ  ᠤᠯᠤᠰ ᠣᠯᠠᠨ ᠤᠯᠤᠰ ᠤᠨ ᠦᠵᠡᠰᠬᠦᠯᠡᠩ ᠬᠤᠳᠠᠯᠳᠤᠭᠠᠨ ᠳᠤ ᠣᠷᠣᠯᠴᠠᠬᠤ ᠶᠢᠨ ᠠᠴᠢ ᠬᠤᠯᠪᠣᠭᠳᠠᠯ ᠶᠠᠭᠤ ᠪᠠᠶᠢᠬᠤ ᠪᠤᠢ︖
ᠡᠸᠦ᠋ᠷᠦᠫᠡ ᠶᠢᠨ ᠮᠠᠯ ᠠᠵᠤ ᠠᠬᠤᠢ ᠶᠢᠨ ᠬᠠᠮᠤᠬ ᠤᠨ ᠲᠣᠮᠤ ᠦᠵᠡᠰᠬᠦᠯᠡᠩ ᠬᠤᠳᠠᠯᠳᠤᠭ᠎ᠠ SOMMET DE L’ELEVAGE ᠡᠨᠡ ᠣᠨ ᠤ 10 ᠳ᠋ᠤᠭᠠᠷ ᠰᠠᠷ᠎ᠠ ᠳᠤ ᠪᠣᠯᠤᠨ᠎ᠠ᠃ ᠮᠣᠩᠭᠤᠯ ᠤᠯᠤᠰ ᠲᠡᠭᠦᠨ ᠳᠦ ᠣᠷᠣᠯᠴᠠᠭᠰᠠᠨ ᠢᠶᠠᠷ ᠨᠢᠭᠡ ᠲᠠᠯ᠎ᠠ ᠠᠴᠠ ᠬᠥᠳᠡᠭᠡ ᠠᠵᠤ ᠠᠬᠤᠢ᠂ ᠲᠡᠷᠡ ᠳᠤᠮᠳᠠ ᠪᠠᠨ ᠮᠠᠯ ᠠᠵᠤ ᠠᠬᠤᠢ ᠶᠢᠨ ᠰᠠᠯᠪᠤᠷᠢ ᠳᠤ ᠬᠤᠶᠠᠷ ᠣᠷᠣᠨ ᠤ ᠬᠠᠮᠲᠤ ᠶᠢᠨ ᠠᠵᠢᠯᠯᠠᠭᠠᠨ ᠤ ᠡᠬᠢᠯᠡᠯ ᠢ ᠲᠠᠯᠪᠢᠵᠤ ᠪᠠᠶᠢᠨ᠎ᠡ ᠭᠡᠵᠦ ᠦᠵᠡᠵᠦ ᠪᠠᠶᠢᠨ᠎ᠡ᠃

ᠰᠡᠳᠬᠢᠭᠳᠡᠯ ᠦᠯᠡᠳᠡᠭᠡᠬᠦ