2022-2023 ᠣᠨ ᠳᠤ ᠬᠦᠷᠦᠩᠭᠡ ᠶᠢᠨ ᠪᠢᠷᠵᠢ ᠪᠠᠷ ᠲᠥᠷᠦ ᠶᠢᠨ ᠮᠡᠳᠡᠯ ᠤᠨ ᠬᠤᠪᠢᠴᠠᠭ᠎ᠠ ᠶᠢ ᠨᠡᠭᠡᠭᠡᠯᠲᠡ ᠲᠠᠢ ᠬᠤᠳᠠᠯᠳᠤᠬᠤ᠂ ᠣᠯᠠᠨ ᠨᠡᠶᠢᠲᠡ ᠶᠢᠨ ᠬᠢᠨᠠᠯᠲᠠ ᠳᠤ ᠰᠢᠯᠵᠢᠬᠦᠯᠬᠦ ᠲᠥᠷᠦ ᠶᠢᠨ ᠥᠮᠴᠢᠲᠦ ᠺᠤᠮᠫᠠᠨᠢ ᠨᠤᠭᠤᠳ ᠤᠨ ᠵᠢᠭᠰᠠᠭᠠᠯᠲᠠ ᠶᠢ ᠪᠠᠲᠤᠯᠠᠯ᠎ᠠ᠃ ᠵᠢᠭᠰᠠᠭᠠᠯᠲᠠ ᠳᠤ ᠵᠢᠭᠠᠭᠰᠠᠨ ᠲᠥᠷᠦ ᠶᠢᠨ ᠥᠮᠴᠢᠲᠦ ᠺᠤᠮᠫᠠᠨᠢ ᠶᠢᠨ ᠡᠩ ᠤᠨ ᠬᠤᠪᠢᠴᠠᠭ᠎ᠠ ᠨᠡᠮᠡᠵᠦ ᠭᠠᠷᠭᠠᠬᠤ᠂ ᠪᠢᠷᠵᠢ ᠪᠠᠷ ᠣᠯᠠᠨ ᠨᠡᠶᠢᠲᠡ ᠳᠤ ᠨᠡᠭᠡᠭᠡᠯᠲᠡ ᠲᠠᠢ ᠠᠷᠠᠯᠵᠢᠶᠠᠯᠠᠬᠤ ᠠᠵᠢᠯ ᠢ ᠬᠤᠯᠪᠦᠬᠳᠡᠬᠤ ᠬᠠᠤᠯᠢ ᠲᠣᠭᠲᠠᠭᠠᠮᠵᠢ ᠶᠢᠨ ᠬᠦᠷᠢᠶᠡᠨ ᠳᠤ ᠵᠣᠬᠢᠶᠠᠨ ᠪᠠᠶᠢᠭᠤᠯᠵᠤ᠂ ᠦᠷ᠎ᠡ ᠳ᠋ᠦᠩ ᠢ ᠵᠠᠰᠠᠭ ᠤᠨ ᠭᠠᠵᠠᠷ ᠲᠤ ᠲᠠᠨᠢᠯᠴᠠᠭᠤᠯᠬᠤ ᠶᠢ ᠵᠠᠰᠠᠭ ᠤᠨ ᠭᠠᠵᠠᠷ ᠤᠨ ᠬᠡᠷᠡᠭ ᠡᠷᠬᠢᠯᠡᠬᠦ ᠭᠠᠵᠠᠷ ᠤᠨ ᠳᠠᠷᠤᠭ᠎ᠠ ᠴ᠊·ᠨᠢᠮᠠᠳᠣᠷᠵᠢ᠂ ᠲᠥᠷᠦ ᠶᠢᠨ ᠥᠮᠴᠢ ᠶᠢᠨ ᠪᠣᠳᠤᠯᠭ᠎ᠠ᠂ ᠵᠣᠬᠢᠴᠠᠭᠤᠯᠤᠯᠲᠠ ᠶᠢᠨ ᠭᠠᠵᠠᠷ ᠤᠨ ᠳᠠᠷᠤᠭ᠎ᠠ ᠪ∙ᠴᠡᠩᠭᠡᠯ ᠨᠠᠷ ᠲᠤ ᠳᠠᠭᠠᠭᠠᠯᠭᠠᠪᠠ᠃
2022-2023 ᠣᠨ ᠳᠤ ᠬᠦᠷᠦᠩᠭᠡ ᠶᠢᠨ ᠪᠢᠷᠵᠢ ᠪᠠᠷ 34 ᠬᠤᠪᠢ ᠶᠢ ᠨᠢ ᠨᠡᠭᠡᠭᠡᠯᠲᠡ ᠲᠠᠢ ᠬᠤᠳᠠᠯᠳᠤᠬᠤ᠂ ᠣᠯᠠᠨ ᠨᠡᠶᠢᠲᠡ ᠶᠢᠨ ᠬᠢᠨᠠᠯᠲᠠ ᠳᠤ ᠣᠷᠣᠭᠤᠯᠬᠤ ᠲᠥᠷᠦ ᠶᠢᠨ ᠥᠮᠴᠢ ᠶᠢᠨ ᠬᠠᠤᠯᠢ ᠶᠢᠨ ᠡᠲᠡᠭᠡᠳ ᠤᠨ ᠵᠢᠭᠰᠠᠭᠠᠯᠲᠠ ᠳᠤ︽ᠮᠣᠩᠭᠣᠯ ᠤᠨ ᠬᠥᠷᠦᠩᠭᠡ ᠶᠢᠨ ᠪᠢᠷᠵᠢ︾᠂︽ᠮᠣᠩᠭᠣᠯ ᠤᠨ ᠴᠠᠬᠢᠯᠭᠠᠨ ᠬᠤᠯᠪᠣᠭ᠎ᠠ︾ᠬᠤᠪᠢᠴᠠᠭᠠᠲᠤ ᠻᠣᠮᠫᠠᠨᠢ᠂︽ᠮᠡᠳᠡᠭᠡᠯᠡᠯ ᠬᠤᠯᠪᠤᠭᠠᠨ ᠤ ᠰᠦᠯᠵᠢᠶ᠎ᠠ︾ᠺᠤᠮᠫᠠᠨᠢ᠂︽ᠮᠡᠳᠡᠭᠡᠯᠡᠯ ᠲᠧᠻᠨᠣᠯᠣᠭᠢ ᠶᠢᠨ ᠦᠨᠳᠦᠰᠦᠨ ᠤ ᠫᠠᠷᠺ︾ᠪᠤᠯᠦᠠ ᠠᠦ᠋ᠲ᠋ᠣ᠋ ᠵᠡᠮ ᠠᠷᠠᠴᠢᠯᠠᠯᠲᠠ ᠶᠢᠨ ᠺᠣᠮᠫᠠᠨᠢ ᠨᠤᠭᠤᠳ ᠪᠠᠭᠲᠠᠵᠠᠢ᠃