ᠦᠶ᠎ᠡ ᠦᠶ᠎ᠡ ᠶᠢᠨ ᠤᠯᠤᠰ ᠤᠨ ᠶᠡᠭᠡ ᠬᠤᠷᠠᠯ  ᠤᠨ ᠳᠠᠷᠤᠭ᠎ᠠ ᠨᠠᠷ ᠠᠭᠤᠯᠵᠠᠵᠠᠢ | News.MN

ᠦᠶ᠎ᠡ ᠦᠶ᠎ᠡ ᠶᠢᠨ ᠤᠯᠤᠰ ᠤᠨ ᠶᠡᠭᠡ ᠬᠤᠷᠠᠯ  ᠤᠨ ᠳᠠᠷᠤᠭ᠎ᠠ ᠨᠠᠷ ᠠᠭᠤᠯᠵᠠᠵᠠᠢ

ᠤᠯᠤᠰ ᠤᠨ ᠶᠡᠭᠡ ᠬᠤᠷᠠᠯ  ᠤᠨ ᠳᠠᠷᠤᠭ᠎ᠠ ᠬ᠋᠊·ᠽᠠᠨᠳᠠᠨᠰᠢᠲᠠᠷ᠎ᠠ ᠶᠢᠨ ᠰᠠᠨᠠᠭᠠᠴᠢᠯᠠᠭ᠎ᠠ ᠪᠠᠷ ᠦᠶ᠎ᠡ ᠦᠶ᠎ᠡ ᠶᠢᠨ  ᠤᠯᠤᠰ ᠤᠨ ᠶᠡᠭᠡ ᠬᠤᠷᠠᠯ  ᠤᠨ ᠳᠠᠷᠤᠭ᠎ᠠ ᠨᠠᠷ ᠠᠴᠠ ᠪᠦᠷᠢᠳᠦᠭᠰᠡᠨ︽ᠬᠤᠷᠠᠯᠳᠠᠢ︾ᠺᠯᠦ᠋ᠪ 2020 ᠣᠨ ᠳᠤ ᠪᠠᠶᠢᠭᠤᠯᠤᠭᠳᠠᠭᠰᠠᠨ᠃ ᠲᠤᠰ ᠺᠯᠦ᠋ᠪ ᠥᠨᠥᠳᠥᠷ ᠡᠭᠡᠯᠵᠢᠲᠦ ᠠᠭᠤᠯᠵᠠᠯᠲᠠ ᠪᠠᠨ ᠬᠢᠭᠰᠡᠨ ᠪᠠᠶᠢᠨ᠎ᠡ᠃ ᠠᠭᠤᠯᠵᠠᠯᠲᠠ ᠳᠤ ᠫᠠᠷᠯᠠᠮᠧᠨ᠋ᠲ ᠤᠨ ᠲᠡᠷᠢᠭᠦᠨ ᠢᠶᠠᠷ ᠠᠵᠢᠯᠯᠠᠵᠤ ᠪᠠᠶᠢᠭᠰᠠᠨ ᠷ᠊ ·ᠭᠤᠨᠴᠣᠭᠳᠣᠷᠵᠢ᠂ ᠨ᠊ ·ᠪᠠᠭᠠᠪᠠᠨᠳᠢ᠂ ᠰ᠊ ·ᠲᠡᠮᠦᠷᠸᠴᠢᠷ᠂ ᠨ᠊ ·ᠡᠩᠬᠡᠪᠠᠶᠠᠷ᠂ ᠳ᠋᠊ ·ᠯᠦᠩᠳᠡᠵᠠᠩᠴᠢᠨ᠂ ᠳ᠋᠊ ·ᠳᠡᠮᠪᠡᠷᠢᠯ᠂ ᠵ᠊ · ᠡᠩᠬᠡᠪᠣᠯᠣᠳ ᠂ ᠮ᠊ ∙ ᠡᠩᠬᠡᠪᠣᠯᠣᠳ ᠨᠠᠷ ᠣᠷᠣᠯᠴᠠᠵᠠᠢ᠃
ᠠᠭᠤᠯᠵᠠᠯᠲᠠ ᠶᠢᠨ ᠡᠬᠢᠨ ᠳᠤ  ᠤᠯᠤᠰ ᠤᠨ ᠶᠡᠭᠡ ᠬᠤᠷᠠᠯ  ᠤᠨ ᠳᠠᠷᠤᠭ᠎ᠠ ᠬ᠋᠊ · ᠽᠠᠨᠳᠠᠨᠰᠢᠲᠠᠷ᠎ᠠ ᠬᠠᠪᠤᠷ ᠤᠨ ᠡᠭᠡᠯᠵᠢᠲᠦ ᠴᠢᠭᠤᠯᠭᠠᠨ ᠢᠶᠠᠷ ᠪᠠᠲᠤᠯᠠᠭᠳᠠᠭᠰᠠᠨ ᠣᠨᠴᠠᠯᠠᠬᠤ ᠬᠠᠤᠯᠢ ᠲᠣᠭᠲᠠᠭᠠᠮᠵᠢ ᠨᠤᠭᠤᠳ᠂ ᠮᠣᠩᠭᠤᠯ ᠤᠯᠤᠰ ᠤᠨ ᠡᠳ᠋ ᠤᠨ ᠵᠠᠰᠠᠭ ᠤᠨ  ᠲᠥᠯᠥᠪ ᠪᠠᠶᠢᠳᠠᠯ ᠢ ᠲᠠᠨᠢᠯᠴᠠᠭᠤᠯᠵᠤ᠂ ᠭᠡᠰᠢᠭᠦᠳ ᠬᠠᠷᠢᠯᠴᠠᠨ ᠲᠤᠷᠰᠢᠯᠭ᠎ᠠ᠂ ᠰᠠᠨᠠᠯ᠂ ᠵᠥᠪᠯᠡᠮᠵᠢ ᠰᠣᠯᠢᠯᠴᠠᠭᠰᠠᠨ ᠪᠠᠶᠢᠨ᠎ᠡ᠃
ᠡᠨᠡ ᠬᠦ ᠺᠯᠦ᠋ᠪ  ᠨᠢ ᠬᠠᠤᠯᠢ ᠲᠤᠬᠳᠡᠭᠠᠬᠤ ᠦᠶᠯᠡ ᠠᠵᠢᠯᠯᠠᠭ᠎ᠠ ᠶᠢ ᠰᠠᠶᠢᠵᠢᠷᠠᠭᠤᠯᠬᠤ᠂ ᠫᠠᠷᠯᠠᠮᠧᠨ᠋ᠲ ᠤᠨ ᠲᠣᠭᠲᠠᠯᠴᠠᠭ᠎ᠠ ᠶᠢ ᠴᠢᠨᠠᠭᠰᠢᠳᠠ ᠲᠥᠯᠥᠪᠰᠢᠭᠦᠯᠬᠦ᠂ ᠰᠤᠳᠤᠯᠭ᠎ᠠ᠂ ᠰᠢᠨᠵᠢᠯᠡᠬᠦ ᠤᠬᠠᠭᠠᠨ ᠳᠤ ᠰᠠᠭᠤᠷᠢᠯᠠᠭᠰᠠᠨ ᠮᠡᠳᠭᠡᠯᠴᠡᠭᠡᠨ ᠤ ᠵᠠᠷᠴᠢᠮ ᠢ ᠬᠡᠪᠰᠢᠭᠦᠯᠬᠦ᠂ ᠬᠠᠷᠢᠯᠴᠠᠨ ᠲᠤᠷᠰᠢᠯᠭ᠎ᠠ ᠰᠤᠷᠭᠠᠮᠵᠢ ᠪᠠᠨ ᠰᠣᠯᠢᠯᠴᠠᠬᠤ᠂ ᠲᠤᠯᠭᠠᠮᠳᠠᠭᠰᠠᠨ ᠠᠰᠠᠭᠤᠳᠠᠯ ᠢᠶᠠᠨ ᠬᠠᠮᠲᠤᠷᠠᠨ ᠶᠠᠷᠢᠯᠴᠠᠵᠤ ᠵᠥᠪᠰᠢᠯᠴᠡᠬᠦ᠂ ᠫᠠᠷᠯᠠᠮᠧᠨ᠋ᠲ ᠤᠨ ᠭᠡᠰᠢᠭᠦᠳ ᠲᠠᠢ ᠬᠠᠮᠲᠤᠷᠠᠨ ᠠᠭᠤᠯᠵᠠᠯᠲᠠ ᠶᠠᠷᠢᠯᠴᠠᠯᠭ᠎ᠠ᠂ ᠬᠡᠯᠡᠯᠴᠡᠭᠦᠯᠭᠡ ᠵᠣᠬᠢᠶᠠᠨ ᠪᠠᠶᠢᠭᠤᠯᠬᠤ ᠵᠡᠷᠭᠡ ᠴᠢᠭᠯᠡᠯ ᠢᠶᠠᠷ ᠠᠵᠢᠯᠯᠠᠬᠤ ᠰᠠᠶᠢᠨ ᠳᠤᠷ᠎ᠠ ᠶᠢᠨ ᠮᠧᠬᠠᠨᠢᠰᠮ  ᠶᠤᠮ ᠭᠡᠵᠦ  ᠤᠯᠤᠰ ᠤᠨ ᠶᠡᠭᠡ ᠬᠤᠷᠠᠯ  ᠤᠨ  ᠭᠡᠪᠯᠡᠯ ᠮᠡᠳᠡᠭᠡᠯᠡᠯ᠂ ᠣᠯᠠᠨ ᠨᠡᠶᠢᠲᠡ ᠲᠠᠢ ᠬᠠᠷᠢᠯᠴᠠᠬᠤ ᠬᠡᠯᠲᠡᠰ ᠠᠴᠠ ᠮᠡᠳᠡᠭᠡᠯᠡᠪᠡ᠃

ᠰᠡᠳᠬᠢᠭᠳᠡᠯ ᠦᠯᠡᠳᠡᠭᠡᠬᠦ