ᠦᠨᠳᠦᠰᠦᠨ ᠤ ᠨᠠᠭᠠᠳᠤᠮ ᠢ ᠲᠣᠬᠢᠶᠠᠯᠳᠤᠭᠤᠯᠤᠨ ᠬᠤᠶᠠᠷ ᠬᠦᠷᠰᠢ ᠶᠢᠨ ᠤᠳᠤᠷᠢᠳᠤᠭᠴᠢ ᠮᠡᠨᠳᠦᠴᠢᠯᠡᠭᠡ ᠳᠡᠪᠰᠢᠭᠦᠯᠪᠡ | News.MN

ᠦᠨᠳᠦᠰᠦᠨ ᠤ ᠨᠠᠭᠠᠳᠤᠮ ᠢ ᠲᠣᠬᠢᠶᠠᠯᠳᠤᠭᠤᠯᠤᠨ ᠬᠤᠶᠠᠷ ᠬᠦᠷᠰᠢ ᠶᠢᠨ ᠤᠳᠤᠷᠢᠳᠤᠭᠴᠢ ᠮᠡᠨᠳᠦᠴᠢᠯᠡᠭᠡ ᠳᠡᠪᠰᠢᠭᠦᠯᠪᠡ

ᠲᠤᠯᠭᠤᠷ ᠲᠥᠷᠦ ᠶᠢᠨ 2230᠂ 2231᠂ ᠶᠡᠭᠡ ᠮᠣᠩᠭᠤᠯ ᠤᠯᠤᠰ ᠪᠠᠶᠢᠭᠤᠯᠤᠭᠳᠠᠭᠰᠠᠨ ᠤ 815᠂ 816᠂ ᠦᠨᠳᠦᠰᠦᠨ ᠤ ᠡᠷᠭᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠤᠭᠰᠠᠨ ᠤ 110᠂111᠂ ᠠᠷᠠᠳ ᠤᠨ ᠬᠤᠪᠢᠰᠬᠠᠯ ᠤᠨ 100᠂101 ᠵᠢᠯ ᠤᠨ ᠣᠶ᠂ ᠦᠨᠳᠦᠰᠦᠨ ᠤ ᠶᠡᠭᠡ ᠪᠡᠶᠡᠷ ᠨᠠᠭᠠᠳᠤᠮ ᠢ ᠲᠣᠬᠢᠶᠠᠯᠳᠤᠭᠤᠯᠤᠨ ᠣᠷᠣᠰ ᠦᠨ ᠬᠤᠯᠪᠣᠭᠠᠲᠤ ᠤᠯᠤᠰ ᠤᠨ ᠶᠡᠷᠦᠩᠬᠡᠶᠢᠯᠡᠭᠴᠢ ᠸ᠊·ᠫᠦᠲ᠋ᠢᠨ᠂  ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ  ᠤᠨ ᠳᠠᠷᠤᠭ᠎ᠠ ᠰᠢ ᠵᠢᠨ ᠫᠢᠩ ᠮᠣᠩᠭᠤᠯ ᠤᠯᠤᠰ ᠤᠨ ᠶᠡᠷᠦᠩᠬᠡᠶᠢᠯᠡᠭᠴᠢ ᠤᠬᠤᠨ᠎ᠠ ᠶᠢᠨ ᠬᠦᠷᠡᠯᠰᠦ᠋ᠬᠡ  ᠳᠤ ᠮᠡᠨᠳᠦᠴᠢᠯᠡᠭᠡ ᠳᠡᠪᠰᠢᠭᠦᠯᠦᠯ᠎ᠡ᠃
ᠫᠦᠲ᠋ᠢᠨ ᠤ ᠮᠡᠨᠳᠤᠴᠢᠯᠡᠭᠡᠨ ᠳᠤ᠄ ᠦᠨᠳᠦᠰᠦᠨ ᠤ ᠶᠡᠭᠡ ᠪᠡᠶᠡᠷ ᠨᠠᠭᠠᠳᠤᠮ ᠪᠤᠯᠦᠠ ᠠᠷᠠᠳ ᠤᠨ ᠬᠤᠪᠢᠰᠬᠠᠯ ᠤᠨ 101 ᠵᠢᠯ ᠤᠨ ᠣᠢ ᠶᠢ ᠲᠣᠬᠢᠶᠠᠯᠳᠤᠭᠤᠯᠤᠨ ᠲᠠᠨ ᠳᠤ ᠴᠢᠩ ᠰᠡᠳᠬᠢᠯ ᠤᠨ ᠮᠡᠨᠳᠦᠴᠢᠯᠡᠭᠡ ᠳᠡᠪᠰᠢᠭᠦᠯᠵᠦ ᠪᠠᠶᠢᠭ᠎ᠠ ᠶᠢ ᠮᠢᠨᠢ ᠬᠦᠯᠢᠶᠡᠨ ᠠᠪᠴᠤ ᠰᠣᠶᠤᠷᠬᠠᠨ᠎ᠠ ᠤᠤ᠂ ᠤᠷᠦᠰ᠂ ᠮᠣᠩᠭᠤᠯ ᠬᠤᠶᠠᠷ  ᠤᠯᠤᠰ ᠨᠠᠶᠢᠷᠰᠠᠭ᠂ ᠰᠠᠶᠢᠨ ᠬᠥᠷᠰᠢ ᠶᠢᠨ ᠤᠯᠠᠮᠵᠢᠯᠠᠯᠲᠤ ᠬᠡᠯᠬᠢᠶ᠎ᠡ ᠬᠤᠯᠪᠣᠭ᠎ᠠ ᠲᠠᠢ ᠪᠢᠯᠡ᠃

ᠤᠯᠤᠰ ᠲᠥᠷᠦ ᠶᠢᠨ ᠠᠵᠢᠯ ᠬᠡᠷᠡᠭᠴᠢ ᠶᠠᠷᠢᠶ᠎ᠠ ᠬᠡᠯᠡᠯᠴᠡᠭᠡ ᠥᠷᠨᠢᠬᠦ ᠶᠢᠨ ᠵᠡᠷᠭᠡᠴᠡᠭᠡ ᠣᠯᠠᠨ ᠰᠠᠯᠪᠤᠷᠢ ᠳᠤ ᠦᠷ᠎ᠡ ᠥᠭᠭᠦᠭᠡᠵᠢ ᠲᠠᠢ ᠬᠠᠮᠲᠤ ᠶᠢᠨ ᠠᠵᠢᠯᠯᠠᠭ᠎ᠠ ᠬᠥᠭᠵᠢᠭᠰᠡᠭᠡᠷ ᠢᠷᠡᠯ᠎ᠡ᠃ ᠤᠷᠦᠰ᠂ ᠮᠤᠩᠭᠤᠯ ᠤᠨ ᠠᠷᠠᠳ ᠲᠦᠮᠡᠨ ᠤ ᠡᠷᠭᠡ ᠠᠰᠢᠭ ᠲᠤ ᠪᠦᠷᠢᠠ ᠨᠡᠶᠢᠴᠡᠭᠰᠡᠨ ᠢᠵᠢ ᠪᠦᠷᠢᠠ ᠰᠲᠷᠠᠲ᠋ᠧᠭᠢ ᠶᠢᠨ ᠲᠦᠩᠰᠢᠯᠡᠯ ᠴᠢᠨᠠᠭᠰᠢᠳᠠ ᠤᠯᠠᠮ ᠪᠠᠬᠢᠵᠢᠨ᠎ᠡ ᠭᠡᠳᠡᠭ ᠲᠤ ᠪᠢ ᠪᠦᠷᠢᠠ ᠢᠲᠡᠭᠡᠯ ᠲᠠᠢ ᠪᠠᠶᠢᠨ᠎ᠡ᠃ ᠲᠠᠨ ᠳᠤ ᠡᠷᠡᠭᠦᠯ ᠡᠩᠬᠡ᠂ ᠠᠵᠢᠯ ᠤᠨ ᠶᠡᠭᠡ  ᠠᠮᠵᠢᠯᠲᠠ᠂  ᠲᠠᠨ ᠤ ᠠᠷᠠᠳ ᠲᠦᠮᠡᠨ ᠳᠤ  ᠠᠵᠠ ᠵᠢᠷᠭᠠᠯ᠂ ᠰᠠᠶᠢᠨ ᠰᠡᠶᠢᠬᠠᠠ ᠪᠦᠬᠦᠨ ᠢ ᠬᠦᠰᠡᠨ ᠢᠷᠦᠭᠡᠵᠦ ᠪᠠᠶᠢᠨ᠎ᠡ ᠭᠡᠵᠡᠢ᠃
ᠰᠢ ᠵᠢᠨ ᠫᠢᠩ ᠦᠨ ᠮᠡᠨᠳᠤᠴᠢᠯᠡᠭᠡᠨ ᠳᠤ᠄ ᠮᠣᠩᠭᠤᠯ ᠤᠯᠤᠰ ᠤᠨ ᠦᠨᠳᠦᠰᠦᠨ ᠤ ᠶᠡᠭᠡ ᠪᠡᠶᠡᠷ ᠨᠠᠭᠠᠳᠤᠮ ᠢ ᠲᠣᠬᠢᠶᠠᠯᠳᠤᠭᠤᠯᠤᠨ ᠮᠢᠨᠦ ᠪᠡᠶ᠎ᠠ  ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ  ᠤᠨ ᠵᠠᠰᠠᠭ ᠤᠨ ᠭᠠᠵᠠᠷ᠂ ᠬᠢᠲᠠᠳ ᠤᠨ ᠠᠷᠠᠳ ᠲᠦᠮᠡᠨ ᠤ ᠨᠡᠷ᠎ᠡ ᠶᠢᠨ ᠡᠮᠦᠨ᠎ᠡ ᠠᠴᠠ ᠪᠤᠯᠦᠠ ᠬᠤᠪᠢ ᠠᠴᠠ ᠪᠠᠨ ᠲᠠᠨ ᠳᠤ ᠪᠤᠯᠦᠠ ᠲᠠᠨ ᠢᠶᠠᠷ ᠳᠠᠮᠵᠢᠭᠤᠯᠤᠨ  ᠲᠠᠨ ᠤ ᠤᠯᠤᠰ ᠤᠨ ᠵᠠᠰᠠᠭ ᠤᠨ ᠭᠠᠵᠠᠷ᠂ ᠠᠷᠠᠳ ᠲᠦᠮᠡᠨ ᠳᠤ ᠴᠢᠩ ᠰᠡᠳᠬᠢᠯ ᠤᠨ ᠪᠠᠶᠠᠷ ᠤᠨ ᠮᠡᠨᠳᠦᠴᠢᠯᠡᠭᠡ ᠳᠡᠪᠰᠢᠭᠦᠯᠦᠶ᠎ᠡ᠃

ᠬᠢᠲᠠᠳ᠂ ᠮᠣᠩᠭᠤᠯ ᠬᠤᠶᠠᠷ ᠤᠯᠤᠰ ᠪᠤᠯ ᠠᠭᠤᠯᠠ ᠤᠰᠤ ᠪᠠᠷ ᠬᠤᠯᠪᠣᠭᠳᠠᠭᠰᠠᠨ ᠨᠠᠶᠢᠷᠰᠠᠭ᠂ ᠦᠨᠡᠡᠴᠢ ᠬᠠᠮᠲᠤ ᠶᠢᠨ ᠠᠵᠢᠯᠯᠠᠭ᠎ᠠ ᠲᠠᠢ ᠲᠦᠩᠰᠢ ᠨᠦᠭᠦᠳ᠃ ᠬᠤᠶᠠᠷ ᠤᠯᠤᠰ ᠤᠨ ᠬᠠᠷᠢᠯᠴᠠᠭ᠎ᠠ ᠶᠢ ᠰᠠᠶᠢᠲᠤᠷ ᠬᠠᠮᠠᠭᠠᠯᠠᠵᠤ᠂ ᠪᠠᠬᠢᠵᠢᠭᠦᠯᠦᠨ ᠬᠥᠭᠵᠢᠭᠦᠯᠬᠦ ᠨᠢ ᠲᠠᠯ᠎ᠠ ᠨᠤᠭᠤᠳ ᠤᠨ ᠢᠵᠡᠭᠤᠷ ᠪᠣᠯᠣᠭᠠᠳ ᠬᠡᠲᠦ ᠶᠢᠨ ᠡᠷᠭᠡ ᠠᠰᠢᠭ ᠲᠤ ᠨᠡᠶᠢᠴᠡᠳᠡᠭ᠃ ᠰᠡᠭᠦᠯ ᠤᠨ ᠵᠢᠯ ᠤᠳ ᠲᠤ ᠬᠢᠲᠠᠳ᠂  ᠮᠣᠩᠭᠣᠯ ᠤᠨ ᠬᠠᠷᠢᠯᠴᠠᠭ᠎ᠠ ᠴᠣᠭᠴᠠ ᠪᠠᠷ ᠬᠤᠷᠳᠤᠴᠠᠲᠠᠢ ᠬᠥᠭᠵᠢᠵᠦ᠂ ᠰᠠᠯᠪᠤᠷᠢ ᠪᠦᠷᠢ ᠶᠢᠨ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠠᠷᠪᠢᠠ ᠦᠷ᠎ᠡ ᠥᠭᠭᠦᠭᠡᠵᠢ ᠲᠠᠢ ᠪᠠᠶᠢᠨ᠎ᠡ᠃

ᠮᠢᠨᠦ ᠪᠡᠶ᠎ᠠ ᠬᠤᠶᠠᠷ ᠤᠯᠤᠰ ᠤᠨ ᠬᠠᠷᠢᠯᠴᠠᠭᠠᠨ ᠳᠤ ᠦᠡᠳᠦᠷ ᠠᠴᠢ ᠬᠤᠯᠪᠣᠭᠳᠠᠯ ᠥᠭᠴᠦ᠂ ᠬᠤᠶᠠᠷ ᠤᠯᠤᠰ ᠤᠨ ᠬᠠᠷᠢᠯᠴᠠᠭᠠᠨ ᠤ ᠬᠥᠭᠵᠢᠯ ᠤᠨ ᠭᠤᠣᠯ ᠴᠢᠭᠯᠡᠯ ᠢ ᠰᠲᠷᠠᠲ᠋ᠧᠭᠢ ᠶᠢᠨ ᠲᠦᠪᠰᠢᠨ ᠳᠤ ᠠᠯᠤᠰ ᠤᠨ ᠬᠠᠷᠠᠭ᠎ᠠ ᠲᠠᠢ ᠪᠠᠷ ᠴᠢᠭᠯᠡᠭᠦᠯᠵᠦ᠂ᠬᠢᠲᠠᠳ᠂ ᠮᠣᠩᠭᠣᠯ ᠤᠨ ᠢᠵᠢ ᠪᠦᠷᠢᠠ ᠰᠲᠷᠠᠲ᠋ᠧᠭᠢ ᠶᠢᠨ ᠲᠦᠩᠰᠢᠯᠡᠯ ᠤᠨ ᠬᠠᠷᠢᠯᠴᠠᠭ᠎ᠠ ᠶᠢ ᠡᠷᠡᠭᠦᠯ᠂ ᠲᠣᠭᠲᠠᠪᠤᠷᠢᠲᠠᠶ ᠬᠥᠭᠵᠢᠭᠦᠯᠵᠦ᠂ ᠬᠤᠶᠠᠷ ᠤᠯᠤᠰ ᠪᠤᠯᠦᠠ ᠬᠤᠶᠠᠷ ᠤᠯᠤᠰ ᠤᠨ ᠠᠷᠠᠳ ᠲᠦᠮᠡᠨ ᠳᠤ ᠦᠷ᠎ᠡ ᠰᠢᠮ᠎ᠡ ᠶᠢ ᠬᠦᠷᠲᠡᠭᠡᠬᠦ ᠳᠤ ᠲᠠᠨ ᠲᠠᠢ ᠬᠠᠮᠲᠤᠷᠠᠨ ᠠᠵᠢᠯᠯᠠᠬᠤ ᠶᠢ ᠬᠢᠴᠢᠶᠡᠬᠦ ᠳᠤ ᠪᠡᠯᠡᠨ ᠪᠠᠶᠢᠨ᠎ᠡ᠃ ᠮᠣᠩᠭᠤᠯ ᠤᠯᠤᠰ ᠲᠤ ᠬᠥᠭᠵᠢᠯ ᠴᠡᠴᠡᠭᠯᠡᠯ᠂ ᠠᠷᠠᠳ ᠲᠦᠮᠡᠨ ᠳᠤ  ᠠᠵᠠ ᠵᠢᠷᠭᠠᠯ ᠢ ᠬᠦᠰᠡᠨ ᠢᠷᠦᠭᠡᠶ᠎ᠡ ᠭᠡᠵᠡᠢ᠃

ᠰᠡᠳᠬᠢᠭᠳᠡᠯ ᠦᠯᠡᠳᠡᠭᠡᠬᠦ