ᠳᠡᠯᠡᠬᠡᠢ ᠶᠢᠨ  ᠠᠭᠤᠯᠠ ᠠᠭᠤᠷᠬᠠᠢ ᠶᠢᠨ ᠺᠣᠩᠭ᠍ᠷᠧᠰ  ᠮᠣᠩᠭᠤᠯ ᠳᠤ ᠬᠤᠷᠠᠯᠳᠤᠯ᠎ᠠ | News.MN

ᠳᠡᠯᠡᠬᠡᠢ ᠶᠢᠨ  ᠠᠭᠤᠯᠠ ᠠᠭᠤᠷᠬᠠᠢ ᠶᠢᠨ ᠺᠣᠩᠭ᠍ᠷᠧᠰ  ᠮᠣᠩᠭᠤᠯ ᠳᠤ ᠬᠤᠷᠠᠯᠳᠤᠯ᠎ᠠ

ᠳᠡᠯᠡᠬᠡᠢ ᠶᠢᠨ ᠠᠭᠤᠯᠠ ᠠᠭᠤᠷᠬᠠᠢ ᠶᠢᠨ ᠺᠣᠩᠭ᠍ᠷᠧᠰ ᠤᠨ ᠡᠭᠡᠯᠵᠢᠲᠦ ᠬᠤᠷᠠᠯ ᠳᠤ ᠪᠡᠯᠡᠳᠬᠡᠬᠦ ᠣᠯᠠᠨ ᠤᠯᠤᠰ ᠤᠨ ᠵᠣᠬᠢᠶᠠᠨ ᠪᠠᠶᠢᠭᠤᠯᠬᠤ ᠬᠤᠷᠢᠶᠠᠨ ᠤ ᠬᠤᠷᠠᠯᠳᠤᠭᠠᠨ ᠮᠠᠨ ᠤ ᠤᠯᠤᠰ ᠲᠤ ᠪᠣᠯᠵᠤ ᠪᠠᠶᠢᠨ᠎ᠡ᠃︽ᠲᠤᠤᠰᠢᠩ︾ᠵᠣᠴᠢᠳ ᠪᠠᠭᠤᠳᠠᠯ ᠳᠤ ᠥᠨᠥᠳᠥᠷ ᠡᠬᠢᠯᠡᠭᠰᠡᠨ ᠤᠭ ᠬᠤᠷᠠᠯ ᠳᠤ ᠠᠭᠤᠯᠠ ᠠᠭᠤᠷᠬᠠᠢ ᠬᠦᠨᠳᠦ ᠦᠢᠯᠡᠳᠪᠤᠷᠢ ᠶᠢᠨ ᠶᠠᠮᠤᠨ ᠤ ᠰᠠᠶᠢᠳ ᠬ᠋᠊ · ᠶᠣᠨᠳᠣᠨ᠂ ᠮᠣᠩᠭᠣᠯ ᠤᠨ  ᠠᠭᠤᠯᠠ ᠠᠭᠤᠷᠬᠠᠢ ᠶᠢᠨ ᠮᠡᠷᠭᠡᠵᠢᠯ ᠤᠨ ᠬᠤᠯᠪᠣᠭᠠᠳ ᠤᠨ ᠵᠥᠪᠯᠡᠯ ᠤᠨ ᠶᠡᠷᠦᠩᠬᠡᠶᠢᠯᠡᠭᠴᠢ ᠳ᠋᠊ ·ᠴᠤᠭᠲᠤᠪᠠᠭᠠᠲᠤᠷ᠂︽ᠮᠣᠩᠭᠤᠯ ᠨᠡᠭᠦᠷᠡᠰᠦ︾ᠠᠰᠰᠤᠼᠢᠶᠠᠼ ᠤᠨ ᠭᠦᠢᠴᠡᠳᠬᠡᠬᠦ ᠵᠠᠬᠢᠷᠤᠯ ᠵ᠊ · ᠵᠣᠯᠵᠢᠷᠭᠠᠯ᠂ ᠡᠨᠡᠦᠡᠭᠡᠭ᠂  ᠬᠢᠲᠠᠳ ᠂ ᠠᠦ᠋ᠰᠲᠷᠠᠯᠢᠶ᠎ᠠ᠂ ᠫᠣᠯᠢᠱ ᠵᠡᠷᠭᠡ 15 ᠣᠷᠣᠨ ᠤ ᠲᠥᠯᠦᠭᠡᠯᠡᠯ ᠣᠷᠣᠯᠴᠠᠪᠠ᠃
ᠬᠤᠷᠠᠯ ᠤᠨ ᠡᠬᠢᠨ ᠤ ᠬᠡᠰᠡᠭ ᠲᠤ ᠣᠷᠤᠯᠴᠠᠭᠴᠢ ᠨᠠᠷ  ᠮᠣᠩᠭᠣᠯ ᠤᠨ  ᠠᠭᠤᠯᠠ ᠠᠭᠤᠷᠬᠠᠢ ᠶᠢᠨ 100 ᠵᠢᠯ᠂ ᠨᠡᠭᠦᠷᠡᠰᠦ᠂ ᠭᠠᠵᠠᠷ ᠤᠨ ᠬᠤᠪᠦᠷ ᠮᠧᠲ᠋ᠠᠯ  ᠤᠨ ᠡᠺᠰᠫᠣᠷᠲ᠂ ᠢᠷᠡᠭᠡᠳᠦᠢ ᠶᠢᠨ ᠴᠢᠭ ᠬᠠᠨᠳᠤᠯᠭ᠎ᠠ ᠪᠤᠯᠦᠠ ᠡᠨᠡᠳᠬᠡᠭ ᠤᠨ ᠠᠰᠢᠭᠲᠤ ᠮᠠᠯᠲᠠᠮᠠᠯ ᠤᠨ ᠰᠠᠯᠪᠤᠷᠢ ᠶᠢᠨ ᠬᠥᠷᠥᠩᠭᠡ ᠣᠷᠤᠭᠤᠯᠤᠯᠲᠠ᠂ ᠳᠡᠯᠡᠬᠡᠢ ᠶᠢᠨ  ᠠᠭᠤᠯᠠ ᠠᠭᠤᠷᠬᠠᠢ ᠶᠢᠨ ᠲᠠᠶᠢᠯᠤᠨ ᠮᠡᠳᠡᠭᠡᠯᠡᠯ ᠢ ᠰᠣᠨᠣᠰᠤᠯ᠎ᠠ᠃ ᠬᠤᠶᠠᠳᠠᠬᠢ ᠬᠡᠰᠡᠭ ᠲᠤ ᠠᠦ᠋ᠰᠲᠷᠠᠯᠢᠶ᠎ᠠ ᠶᠢᠨ ᠦᠨᠳᠦᠰᠦᠨ ᠤ ᠵᠣᠬᠢᠶᠠᠨ ᠪᠠᠶᠢᠭᠤᠯᠬᠤ ᠬᠤᠷᠢᠶ᠎ᠠ᠂ ᠪᠷᠢᠰᠪᠧᠨ ᠳᠤ  ᠪᠣᠯᠬᠤ 2023 ᠣᠨ ᠤ 26 ᠳᠠᠬᠢ ᠤᠳᠠᠭ᠎ᠠ ᠶᠢᠨ ᠣᠯᠠᠨ ᠤᠯᠤᠰ ᠤᠨ ᠬᠤᠷᠠᠯ ᠤᠨ ᠪᠡᠯᠡᠦᠡᠭᠡᠯ ᠠᠵᠢᠯ ᠤᠨ ᠶᠠᠪᠤᠴᠠ ᠪᠠᠶᠢᠳᠠᠯ ᠢ  ᠲᠠᠨᠢᠯᠴᠠᠭᠤᠯᠵᠠᠢ᠃

ᠰᠡᠳᠬᠢᠭᠳᠡᠯ ᠦᠯᠡᠳᠡᠭᠡᠬᠦ