ᠲᠣᠭᠲᠠᠪᠤᠷᠢᠲᠠᠶ ᠬᠥᠭᠵᠢᠯ ᠤᠨ ᠵᠣᠷᠢᠯᠭ᠎ᠠ ᠶᠢᠨ ᠬᠡᠷᠡᠭᠵᠢᠯᠲᠡ ᠪᠠᠨ 2023 ᠣᠨ ᠳᠤ ᠲᠠᠢᠯᠤᠩᠨᠠᠨ᠎ᠠ | News.MN

ᠲᠣᠭᠲᠠᠪᠤᠷᠢᠲᠠᠶ ᠬᠥᠭᠵᠢᠯ ᠤᠨ ᠵᠣᠷᠢᠯᠭ᠎ᠠ ᠶᠢᠨ ᠬᠡᠷᠡᠭᠵᠢᠯᠲᠡ ᠪᠠᠨ 2023 ᠣᠨ ᠳᠤ ᠲᠠᠢᠯᠤᠩᠨᠠᠨ᠎ᠠ

ᠨᠢᠭᠡᠳᠦᠭᠰᠡᠨ ᠦᠨᠳᠦᠰᠦᠨ ᠤ ᠪᠠᠶᠢᠭᠤᠯᠤᠯᠭ᠎ᠠ ᠠᠴᠠ ᠵᠣᠬᠢᠶᠠᠨ ᠪᠠᠶᠢᠭᠤᠯᠵᠤ ᠪᠠᠶᠢᠭ᠎ᠠ ᠳᠡᠯᠡᠬᠡᠢ ᠶᠢᠨ ᠬᠥᠮᠦᠨ ᠠᠮᠠ ᠶᠢᠨ ᠠᠮᠢᠳᠤᠷᠠᠯ ᠤᠨ ᠴᠢᠨᠠᠷ ᠢ ᠰᠠᠶᠢᠵᠢᠷᠠᠭᠤᠯᠬᠤ᠂ ᠬᠥᠭᠵᠢᠯ ᠠᠴᠠ ᠬᠡᠨ ᠢ ᠴᠤ ᠦᠯᠡᠳᠡᠭᠡᠬᠦ ᠦᠭᠡᠢ ᠪᠠᠶᠢᠬᠤ᠂ ᠡᠳ᠋ ᠤᠨ ᠵᠠᠰᠠᠭ᠂ ᠨᠡᠶᠢᠭᠡᠮ᠂ ᠪᠠᠶᠢᠭᠠᠯᠢ ᠣᠷᠴᠢᠨ ᠤ ᠲᠣᠭᠲᠠᠪᠤᠷᠢᠲᠠᠶ ᠪᠠᠶᠢᠳᠠᠯ ᠢ ᠬᠠᠳᠠᠭᠠᠯᠠᠭᠰᠠᠨ᠂ ᠢᠯᠡᠬᠦᠦ ᠰᠠᠢᠬᠠᠨ ᠢᠷᠡᠭᠡᠳᠦᠢ ᠶᠢ ᠬᠤᠶᠢᠴᠢ ᠦᠶ᠎ᠡ ᠳᠡᠭᠡᠨ ᠥᠪᠯᠡᠭᠦᠯᠬᠦ  ᠳᠤ ᠴᠢᠭᠯᠡᠭᠰᠡᠨ︽ᠲᠣᠭᠲᠠᠪᠤᠷᠢᠲᠠᠶ ᠬᠥᠭᠵᠢᠯ ᠤᠨ ᠵᠣᠷᠢᠯᠭ᠎ᠠ – 2030︾ ᠶᠢᠨ ᠲᠡᠭᠡᠳᠦ ᠲᠦᠪᠰᠢᠨ ᠤ ᠬᠡᠯᠡᠯᠴᠡᠭᠦᠯᠭᠡ ᠡᠨᠡ ᠰᠠᠷ᠎ᠠ ᠶᠢᠨ 13-18  ᠳᠦ ᠪᠣᠯᠵᠤ ᠪᠠᠶᠢᠨ᠎ᠡ᠃  ᠡᠨᠡ ᠬᠦ ᠬᠡᠯᠡᠯᠴᠡᠭᠦᠯᠭᠡ ᠳᠤ ᠡᠳ᠋ ᠤᠨ ᠵᠠᠰᠠᠭ᠂ ᠬᠥᠭᠵᠢᠯ ᠤᠨ ᠳᠡᠳ᠋ ᠰᠠᠶᠢᠳ ᠰ᠊ · ᠨᠠᠷᠠᠨᠴᠣᠭᠲᠤ ᠣᠷᠣᠯᠴᠠᠵᠤ ᠪᠠᠶᠢᠨ᠎ᠡ᠃ ᠮᠣᠩᠭᠤᠯ  ᠤᠯᠤᠰ ᠲᠣᠭᠲᠠᠪᠤᠷᠢᠲᠠᠶ ᠬᠥᠭᠵᠢᠯ ᠤᠨ ᠵᠣᠷᠢᠯᠭ᠎ᠠ ᠶᠢᠨ ᠬᠡᠷᠡᠭᠵᠢᠯᠲᠡ ᠶᠢᠨ ᠲᠠᠶᠢᠯᠤᠨ ᠢᠶᠠᠨ 2023 ᠣᠨ ᠳᠤ ᠲᠠᠨᠢᠯᠴᠠᠭᠤᠯᠬᠤ ᠪᠠᠷ ᠲᠥᠯᠥᠪᠯᠡᠨ ᠠᠵᠢᠯᠯᠠᠵᠤ ᠪᠠᠶᠢᠭ᠎ᠠ ᠶᠤᠮ᠃
ᠲᠡᠭᠡᠳᠦ ᠲᠦᠪᠰᠢᠨ ᠤ ᠬᠡᠯᠡᠯᠴᠡᠭᠦᠯᠦᠭᠡ ᠪᠠᠷ ᠳᠡᠯᠡᠬᠡᠢ ᠨᠡᠶᠢᠲᠡ ᠪᠠᠷ 2030 ᠣᠨ ᠳᠤ ᠬᠦᠷᠬᠦ ᠪᠠᠷ ᠳᠡᠪᠰᠢᠭᠦᠯᠦᠭᠰᠡᠨ ᠬᠥᠭᠵᠢᠯ ᠤᠨ ᠵᠣᠷᠢᠯᠭ᠎ᠠ ᠶᠢᠨ ᠬᠡᠷᠡᠭᠵᠢᠯᠲᠡ ᠶᠡᠮᠡᠷ ᠲᠦᠪᠰᠢᠨ ᠳᠤ ᠪᠠᠶᠢᠭ᠎ᠠ᠂ ᠲᠣᠭᠲᠠᠪᠤᠷᠢᠲᠠᠶ ᠬᠥᠭᠵᠢᠯ ᠤᠨ ᠵᠣᠷᠢᠯᠭ᠎ᠠ ᠳᠤ ᠬᠦᠷᠬᠦ ᠳᠤ ᠭᠠᠷᠴᠤ ᠪᠤᠶ ᠠᠬᠢᠴᠠ ᠳᠡᠪᠰᠢᠯ᠂ ᠮᠦᠠ ᠲᠤᠯᠭᠠᠷᠠᠵᠤ ᠪᠤᠶ ᠰᠣᠷᠢᠯᠲᠠ ᠪᠡᠷᠬᠡᠰᠢᠶᠡᠯ ᠢ ᠬᠡᠯᠡᠯᠴᠡᠳᠡᠭ᠃

ᠡᠨᠡ ᠤᠳᠠᠭ᠎ᠠ ᠶᠢᠨ ᠬᠡᠯᠡᠯᠴᠡᠭᠦᠯᠭᠡ ᠳᠤ ᠳᠡᠯᠡᠬᠡᠢ ᠶᠢᠨ 130 ᠭᠠᠷᠦᠢ ᠣᠷᠣᠨ ᠤ ᠵᠠᠰᠠᠭ ᠤᠨ ᠭᠠᠵᠠᠷ ᠤᠨ ᠲᠥᠯᠦᠭᠡᠯᠡᠭᠴᠢᠳ ᠣᠷᠣᠯᠴᠠᠵᠤ COVID – 19 ᠴᠠᠷ᠎ᠠ ᠲᠠᠬᠤᠯ ᠪᠤᠯᠦᠠ ᠤᠷᠦᠰ ᠂ ᠦᠺᠷᠡᠶᠢᠠ ᠤ ᠳᠠᠶᠢᠨ ᠤ ᠨᠥᠯᠥᠭᠡ ᠪᠠᠷ ᠳᠡᠯᠡᠬᠡᠢ ᠨᠡᠶᠢᠲᠡ ᠪᠠᠷ ᠢᠨᠹᠯᠶᠠᠼ ᠡᠷᠴᠢᠮᠵᠢᠵᠦ᠂ ᠡᠷᠴᠢᠮ ᠬᠦᠴᠦᠨ ᠤ ᠦᠨ᠎ᠡ ᠥᠰᠴᠦ᠂ ᠬᠦᠨᠡᠰᠦᠨ ᠤ ᠬᠠᠩᠭᠠᠮᠵᠢ ᠪᠠᠭᠤᠷᠠᠵᠤ᠂ ᠲᠥᠰᠦᠪ ᠤᠨ ᠠᠯᠳᠠᠭᠳᠠᠯ ᠨᠡᠮᠡᠭᠳᠡᠵᠦ᠂ ᠥᠷᠢ ᠶᠢᠨ ᠳᠠᠷᠤᠮᠲᠠ ᠶᠡᠬᠡᠰᠴᠦ᠂ ᠤᠯᠠᠮ ᠢᠶᠠᠷ ᠲᠣᠭᠲᠠᠪᠤᠷᠢᠲᠠᠶ ᠬᠥᠭᠵᠢᠯ ᠤᠨ ᠵᠣᠷᠢᠯᠭ᠎ᠠ ᠶᠢᠨ ᠬᠡᠷᠡᠭᠵᠢᠯᠲᠡ ᠰᠠᠭᠠᠷᠠᠵᠤ 2030 ᠣᠨ ᠳᠤ ᠬᠦᠷᠬᠦ ᠪᠠᠷ ᠳᠡᠪᠰᠢᠭᠦᠯᠦᠭᠰᠡᠨ ᠵᠣᠷᠢᠯᠭ᠎ᠠ ᠳᠤ ᠡᠷᠡᠰᠳᠡᠯ ᠤᠴᠠᠷᠠᠵᠤ ᠪᠤᠶ ᠲᠠᠯ᠎ᠠ ᠪᠠᠷ ᠬᠡᠯᠡᠯᠴᠡᠵᠦ ᠪᠠᠶᠢᠨ᠎ᠡ᠃

 

ᠰᠡᠳᠬᠢᠭᠳᠡᠯ ᠦᠯᠡᠳᠡᠭᠡᠬᠦ