ᠬᠤᠳᠠᠯᠳᠤᠭᠠᠨ ᠤ ᠰᠠᠯᠪᠤᠷᠢ ᠶᠢᠨ ᠪᠣᠷᠣᠯᠠᠭᠤᠯᠤᠯᠲᠠ ᠶᠢᠨ ᠣᠷᠣᠯᠭ᠎ᠠ 2022 ᠣᠨ ᠤ ᠡᠬᠢᠨ ᠤ 5 ᠰᠠᠷ᠎ᠠ ᠳᠤ 12.7 ᠶᠡᠭᠡ ᠨᠠᠶᠤᠳ ᠲᠥᠭᠦᠷᠢᠭ ᠪᠣᠯᠵᠤ᠂ ᠡᠮᠦᠨᠡᠬᠢ ᠣᠨ ᠤ ᠮᠦᠠ ᠦᠶ᠎ᠡ ᠠᠴᠠ 3.2︵33.3 %︶ ᠶᠡᠭᠡ ᠨᠠᠶᠤᠳ ᠲᠥᠭᠦᠷᠢᠭ ᠢᠶᠠᠷ ᠥᠰᠦᠯ᠎ᠡ᠃
ᠡᠭᠦᠨ ᠳᠤ᠄ ᠰᠢᠲᠠᠬᠤᠨ ᠤ ᠪᠦᠭᠡᠮ ᠪᠣᠯᠤᠨ ᠵᠢᠵᠢᠭᠯᠡᠨ ᠬᠤᠳᠠᠯᠳᠤᠭ᠎ᠠ᠂ ᠬᠦᠨᠡᠰᠦᠨ ᠤ ᠪᠦᠲᠦᠭᠡᠭᠳᠡᠬᠦᠨ ᠤ ᠪᠦᠭᠡᠮ ᠪᠣᠯᠤᠨ ᠵᠢᠵᠢᠭᠯᠡᠨ ᠬᠤᠳᠠᠯᠳᠤᠭ᠎ᠠ᠂ ᠲᠦᠯᠦᠪᠤᠷᠢ ᠡᠰᠡᠪᠡᠯ ᠭᠡᠷ᠎ᠡ ᠶᠢᠨ ᠦᠨᠳᠦᠰᠦᠨ ᠳᠡᠭᠡᠷ᠎ᠡ ᠬᠢᠭᠳᠡᠬᠦ ᠪᠦᠭᠡᠮ ᠦᠨ ᠬᠤᠳᠠᠯᠳᠤᠭ᠎ᠠ ᠲᠤᠰ ᠲᠤᠰ ᠥᠰᠦᠭᠰᠡᠨ ᠨᠢ ᠭᠤᠣᠯᠯᠠᠨ ᠨᠥᠯᠥᠭᠡᠯᠡᠭᠰᠡᠨ ᠪᠠᠶᠢᠨ᠎ᠡ᠃
ᠬᠤᠳᠠᠯᠳᠤᠭᠠᠨ ᠤ ᠰᠠᠯᠪᠤᠷᠢ ᠶᠢᠨ ᠪᠣᠷᠣᠯᠠᠭᠤᠯᠤᠯᠲᠠ ᠶᠢᠨ ᠣᠷᠣᠯᠭ᠎ᠠ 2022 ᠣᠨ ᠤ ᠲᠠᠪᠤᠳᠤᠭᠠᠷ ᠰᠠᠷ᠎ᠠ ᠳᠤ 3.0 ᠶᠡᠭᠡ ᠨᠠᠶᠤᠳ ᠲᠥᠭᠦᠷᠢᠭ ᠪᠣᠯᠵᠤ᠂ ᠡᠮᠦᠨᠡᠬᠢ ᠰᠠᠷ᠎ᠠ ᠠᠴᠠ 410.0︵15.6 %︶ᠲᠡᠷᠪᠤᠮ ᠲᠥᠭᠦᠷᠢᠭ ᠢᠶᠠᠷ ᠥᠰᠦᠭᠰᠡᠨ ᠪᠠᠶᠢᠨ᠎ᠡ ᠬᠡᠮᠡᠨ ᠦᠨᠳᠦᠰᠦᠨ ᠤ ᠰᠲ᠋ᠠᠲ᠋ᠢᠰᠲ᠋ᠢᠺ ᠤᠨ ᠬᠤᠷᠢᠶᠠᠨ ᠠᠴᠠ ᠮᠡᠳᠡᠭᠡᠯᠡᠯ᠎ᠡ᠃