ᠮᠣᠩᠭᠤᠯ᠂ ᠰᠣᠯᠤᠩᠭᠤᠰ ᠤᠨ ᠮᠡᠳᠡᠭᠡᠯᠡᠯ ᠤᠨ  ᠲᠧᠻᠨᠣᠯᠣᠭᠢ ᠶᠢᠨ ᠰᠠᠯᠪᠤᠷᠢ ᠶᠢᠨ ᠠᠩᠬᠠᠳᠤᠭᠠᠷ ᠠᠭᠤᠯᠵᠠᠯᠲᠠ ᠪᠣᠯᠣᠯ᠎ᠠ | News.MN

ᠮᠣᠩᠭᠤᠯ᠂ ᠰᠣᠯᠤᠩᠭᠤᠰ ᠤᠨ ᠮᠡᠳᠡᠭᠡᠯᠡᠯ ᠤᠨ  ᠲᠧᠻᠨᠣᠯᠣᠭᠢ ᠶᠢᠨ ᠰᠠᠯᠪᠤᠷᠢ ᠶᠢᠨ ᠠᠩᠬᠠᠳᠤᠭᠠᠷ ᠠᠭᠤᠯᠵᠠᠯᠲᠠ ᠪᠣᠯᠣᠯ᠎ᠠ

ᠤᠯᠤᠰ ᠤᠨ ᠶᠡᠭᠡ ᠬᠤᠷᠠᠯ ᠤᠨ  ᠢᠨᠨᠤᠸᠠᠼ ᠴᠠᠬᠢᠮ ᠪᠣᠳᠣᠯᠭ᠎ᠠ ᠶᠢᠨ ᠪᠠᠶᠢᠩᠭᠤ ᠶᠢᠨ ᠬᠤᠷᠢᠶᠠᠨ ᠠᠴᠠ 07 ᠰᠠᠷ᠎ᠠ ᠶᠢᠨ19 ᠳᠦ ᠮᠣᠩᠭᠤᠯ  ᠤᠯᠤᠰ ᠪᠤᠯᠦᠠ ᠪᠦᠬᠦᠳᠠ ᠨᠠᠶᠢᠷᠠᠮᠳᠠᠬᠤ ᠰᠤᠯᠦᠩᠭᠤᠰ ᠤᠯᠤᠰ ᠤᠨ ᠮᠡᠳᠡᠭᠡᠯᠡᠯ ᠤᠨ  ᠲᠧᠻᠨᠣᠯᠣᠭᠢ ᠶᠢᠨ ᠰᠠᠯᠪᠤᠷᠢ ᠶᠢᠨ ᠪᠠᠶᠢᠭᠤᠯᠤᠯᠭ᠎ᠠ᠂ ᠮᠡᠷᠭᠡᠵᠢᠯᠲᠡᠨ᠂ ᠰᠤᠳᠤᠯᠤᠭᠠᠴᠢᠳ ᠤᠨ︽ᠴᠠᠬᠢᠮ ᠰᠢᠯᠵᠢᠯᠲᠡ ᠳᠤ ᠠᠩᠬᠠᠷᠬᠤ ᠠᠰᠠᠭᠤᠳᠠᠯ︾ᠰᠡᠳᠦᠪᠲᠦ ᠠᠩᠬᠠᠳᠤᠭᠠᠷ ᠠᠭᠤᠯᠵᠠᠯᠲᠠ᠂ ᠬᠡᠯᠡᠯᠴᠡᠭᠦᠯᠭᠡ ᠶᠢ ᠲᠥᠷᠦ ᠶᠢᠨ ᠣᠷᠳᠣᠨ ᠳᠤ ᠵᠣᠬᠢᠶᠠᠨ ᠪᠠᠶᠢᠭᠤᠯᠤᠯ᠎ᠠ᠃
ᠬᠡᠯᠡᠯᠴᠡᠭᠦᠯᠭᠡ ᠳᠤ ᠴᠠᠬᠢᠮ ᠬᠥᠭᠵᠢᠯ᠂ ᠬᠠᠷᠢᠯᠴᠠᠭ᠎ᠠ ᠬᠤᠯᠪᠤᠭᠠᠨ ᠤ ᠶᠠᠮᠤᠨ ᠤ ᠴᠠᠬᠢᠮ ᠬᠥᠭᠵᠢᠯ ᠤᠨ ᠪᠣᠳᠣᠯᠭ᠎ᠠ ᠶᠢᠨ ᠬᠡᠷᠡᠭᠵᠢᠯᠲᠡ ᠶᠢᠨ ᠭᠠᠵᠠᠷ ᠤᠨ ᠳᠠᠷᠤᠭ᠎ᠠ ᠪ∙ ᠪᠢᠯᠢᠭᠳᠡᠮᠪᠡᠷᠢᠯ︽ᠴᠠᠬᠢᠮ ᠦᠨᠳᠦᠰᠦᠲᠡᠨ ᠪᠠᠷᠢᠮᠲᠠᠯᠠᠬᠤ ᠴᠢᠭ ᠬᠠᠨᠳᠤᠯᠭ᠎ᠠ︾ᠰᠡᠳᠦᠪ ᠢᠶᠠᠷ᠂ ᠪᠦᠬᠦᠳᠠ ᠨᠠᠶᠢᠷᠠᠮᠳᠠᠬᠤ ᠰᠣᠯᠤᠩᠭᠤᠰ ᠤᠯᠤᠰ  ᠤᠨ ᠳ᠋ᠢᠵᠢᠲ᠋ᠠᠯ ᠪᠠᠶᠢᠭᠤᠯᠤᠯᠭ᠎ᠠ ᠨᠤᠭᠤᠳ ᠤᠨ ᠬᠤᠯᠪᠤᠭᠠᠨ ᠤ ᠭᠡᠰᠢᠭᠦᠨ᠂ The Glim ᠺᠣᠮᠫᠠᠨᠢ ᠶᠢᠨ ᠵᠠᠬᠢᠷᠤᠯ ᠬᠤᠸᠠᠩ ᠰᠧ ᠵᠦᠨ︽ᠪᠦᠬᠦᠳᠠ ᠨᠠᠶᠢᠷᠠᠮᠳᠠᠬᠤ ᠰᠣᠯᠤᠩᠭᠤᠰ ᠤᠯᠤᠰ  ᠤᠨ ᠳ᠋ᠢᠵᠢᠲ᠋ᠠᠯ ᠬᠥᠭᠵᠢᠯ ᠤᠨ ᠲᠤᠷᠰᠢᠯᠭ᠎ᠠ᠂ 2022 ᠣᠨ ᠤ ᠮᠡᠳᠡᠭᠡᠯᠡᠯ ᠤᠨ  ᠲᠧᠻᠨᠣᠯᠣᠭᠢ ᠶᠢᠨ ᠴᠢᠭ ᠬᠠᠨᠳᠤᠯᠭ᠎ᠠ︾ᠰᠡᠳᠦᠪ ᠢᠶᠠᠷ ᠢᠯᠡᠳᠬᠡᠯ ᠲᠠᠯᠪᠢᠵᠤ᠂ ᠮᠡᠳᠡᠭᠡᠯᠡᠯ  ᠥᠭᠭᠦᠯ᠎ᠡ᠃
ᠮᠠᠨ ᠤ ᠤᠯᠤᠰ ᠤᠨ ᠬᠥᠮᠦᠨ ᠠᠮᠠ ᠴᠦᠭᠡᠠ ᠴᠤ ᠥᠨᠥᠳᠥᠷ ᠤᠨ ᠪᠠᠶᠢᠳᠠᠯ ᠢᠶᠠᠷ ᠭᠠᠷ ᠤᠲᠠᠰᠤ ᠬᠡᠷᠡᠭᠯᠡᠭᠴᠢ ᠶᠢᠨ ᠲᠤᠭ᠎ᠠ 4.3 ᠰᠠᠶ᠎ᠠ ᠳᠤ ᠬᠦᠷᠴᠡᠢ᠃ ᠡᠭᠦᠨ ᠤ 3.4  ᠰᠠᠶ᠎ᠠ ᠤᠬᠠᠭᠠᠯᠢᠭ ᠭᠠᠷ ᠤᠲᠠᠰᠤ ᠬᠡᠷᠡᠭᠯᠡᠭᠴᠢ ᠪᠠᠶᠢᠭ᠎ᠠ ᠠᠴᠠ 64 ᠬᠤᠪᠢ ᠨᠢ 4 G ᠦᠡᠳᠦᠷ ᠬᠤᠷᠳᠤᠨ ᠤ  ᠢᠨᠲ᠋ᠧᠷᠨᠧᠲ ᠬᠡᠷᠡᠭᠯᠡᠳᠡᠭ ᠪᠠᠶᠢᠨ᠎ᠡ᠃ ᠨᠡᠶᠢᠲᠡ ᠤᠬᠠᠭᠠᠯᠢᠭ ᠭᠠᠷ ᠤᠲᠠᠰᠤ ᠬᠡᠷᠡᠭᠯᠡᠭᠴᠢᠳ ᠤᠨ 93 ᠣᠷᠴᠢᠮ ᠬᠤᠪᠢ ᠨᠢ ᠰᠠᠩᠬᠦᠦ ᠶᠢᠨ ᠪᠠᠶᠢᠭᠤᠯᠤᠯᠭ᠎ᠠ ᠳᠤ ᠳᠠᠩᠰᠠ ᠲᠠᠢ ᠪᠥᠭᠡᠳ 22 ᠣᠷᠴᠢᠮ ᠬᠤᠪᠢ ᠨᠢ ᠤᠭ ᠳᠠᠩᠰᠠ ᠪᠠᠨ ᠭᠠᠷ ᠤᠲᠠᠰᠤ ᠪᠠᠷ ᠢᠶᠠᠨ ᠳᠠᠮᠵᠢᠭᠤᠯᠤᠨ ᠤᠳᠤᠷᠢᠳᠳᠠᠭ ᠪᠠᠶᠢᠨ᠎ᠡ᠃ ᠤᠬᠠᠭᠠᠯᠢᠭ ᠴᠦ ᠭᠠᠷ ᠤᠲᠠᠰᠤ ᠬᠡᠷᠡᠭᠯᠡᠭᠴᠢᠳ ᠤᠨ ᠳᠡᠶᠢᠯᠦᠩᠬᠢ ᠬᠤᠪᠢ ᠪᠤᠶᠤ 2.5  ᠰᠠᠶ᠎ᠠ ᠬᠡᠷᠡᠭᠯᠡᠭᠴᠢ ᠨᠡᠶᠢᠭᠡᠮ ᠤᠨ ᠰᠦᠯᠵᠢᠶᠡᠨ ᠳᠤ ᠢᠳᠡᠪᠬᠢᠲᠡᠢ ᠣᠷᠣᠯᠴᠠᠳᠠᠭ᠃ ᠮᠦᠠ ᠨᠡᠶᠢᠲᠡ 96 ᠶᠡᠭᠡ᠂ ᠲᠡᠭᠡᠳᠦ ᠰᠤᠷᠭᠠᠭᠤᠯᠢ ᠳᠤ 160 ᠣᠷᠴᠢᠮ ᠮᠢᠩᠭᠠᠨ ᠣᠶᠤᠲᠠᠨ ᠰᠤᠷᠤᠯᠴᠠᠬᠤ ᠪᠠᠶᠢᠭ᠎ᠠ ᠶᠢᠨ 2.3 ᠬᠤᠪᠢ ᠨᠢ ᠬᠠᠷᠢᠯᠴᠠᠭ᠎ᠠ ᠬᠤᠯᠪᠣᠭ᠎ᠠ᠂ ᠮᠡᠳᠡᠭᠡᠯᠡᠯ ᠤᠨ  ᠲᠧᠻᠨᠣᠯᠣᠭᠢ ᠶᠢᠨ ᠰᠠᠯᠪᠤᠷᠢ ᠶᠢᠨ ᠴᠢᠭᠯᠡᠯ ᠢᠶᠠᠷ ᠰᠤᠷᠤᠯᠴᠠᠳᠠᠭ ᠃

ᠰᠡᠳᠬᠢᠭᠳᠡᠯ ᠦᠯᠡᠳᠡᠭᠡᠬᠦ