ᠮᠠᠨ ᠤ ᠤᠯᠤᠰ ᠤᠨ ᠨᠡᠭᠦᠷᠡᠰᠦᠨ ᠤ ᠲᠣᠮᠤᠬᠠᠨ ᠺᠣᠮᠫᠠᠨᠢ ᠪᠣᠯᠬᠤ︽ᠡᠷᠳᠡᠨᠢᠰ ᠲᠠᠪᠤᠨᠲᠤᠯᠤᠭᠠᠢ︾᠂︽ ᠡᠨᠧᠷᠭᠢ ᠷᠧᠰᠦ᠋ᠷᠰ︾ ᠤᠨ ᠠᠭᠤᠷᠬᠠᠢ ᠨᠤᠭᠤᠳ ᠬᠡᠪ ᠤᠨ ᠠᠵᠢᠯᠯᠠᠵᠤ᠂ ᠡᠺᠰᠫᠣᠷᠲ ᠡᠮᠦᠨᠡᠬᠢ ᠣᠨ ᠤ ᠮᠦᠠ ᠦᠶ᠎ᠡ ᠲᠠᠢ ᠬᠠᠷᠢᠴᠠᠭᠤᠯᠬᠤ ᠳᠤ 3 ᠳᠠᠬᠢᠨ ᠥᠰᠦᠭᠰᠡᠨ ᠦᠵᠡᠭᠦᠯᠦᠯᠲᠡ ᠲᠠᠢ ᠪᠠᠶᠢᠨ᠎ᠡ᠃︽ᠡᠷᠳᠡᠨᠢᠰ ᠲᠠᠪᠤᠨᠲᠤᠯᠤᠭᠠᠢ︾ᠻᠣᠮᠫᠠᠨᠢ ᠡᠨᠡ ᠣᠨ ᠳᠤ 9.3 ᠰᠠᠶ᠎ᠠ ᠲᠣᠨ ᠨᠡᠭᠦᠷᠡᠰᠦ ᠣᠯᠪᠤᠷᠢᠯᠠᠬᠤ ᠪᠠᠷ ᠲᠥᠯᠥᠪᠯᠡᠭᠰᠡᠨ ᠠᠴᠠ ᠥᠨᠥᠳᠥᠷ ᠤᠨ ᠪᠠᠶᠢᠳᠠᠯ ᠢᠶᠠᠷ 1.9 ᠰᠠᠶ᠎ᠠ ᠲᠣᠨ ᠢ ᠭᠠᠷᠭᠠᠭᠠᠳ ᠪᠠᠶᠢᠨ᠎ᠡ᠃
︽ᠡᠨᠧᠷᠭᠢ ᠷᠧᠰᠦ᠋ᠷᠰ︾ᠺᠣᠮᠫᠠᠨᠢ ᠶᠢᠨ ᠬᠤᠪᠢ ᠳᠤ ᠬᠢᠯᠢ᠂ ᠪᠣᠭᠤᠮᠲᠠ ᠶᠢᠨ ᠨᠡᠪᠲᠡᠷᠡᠯᠲᠡ ᠠᠴᠠ ᠰᠢᠯᠲᠠᠭᠠᠯᠠᠵᠤ ᠦᠢᠯᠡᠳᠪᠦᠷᠢ ᠶᠢᠨ ᠬᠦᠴᠦᠨ ᠴᠢᠳᠠᠯ ᠢᠶᠠᠨ 40-50 ᠬᠤᠪᠢ ᠪᠠᠷ ᠠᠰᠢᠭᠯᠠᠵᠤ ᠪᠤᠢ ᠶᠢ ᠮᠡᠳᠡᠭᠡᠯᠡᠯ᠎ᠡ᠃ ᠲᠤᠰ ᠺᠣᠮᠫᠠᠨᠢ ᠶᠢᠨ ᠨᠡᠭᠦᠷᠡᠰᠦ ᠤᠭᠢᠶᠠᠬᠤ ᠦᠢᠯᠡᠳᠪᠦᠷᠢ ᠨᠢ ᠵᠢᠯ ᠳᠤ 15 ᠰᠠᠶ᠎ᠠ ᠲᠤᠨ ᠨᠡᠭᠦᠷᠡᠰᠦ ᠪᠠᠶᠠᠵᠢᠭᠤᠯᠬᠤ ᠬᠦᠴᠦᠨ ᠴᠢᠳᠠᠯ ᠲᠠᠢ ᠪᠥᠭᠡᠳ ᠰᠡᠭᠦᠯ ᠤᠨ 10 ᠵᠢᠯ ᠳᠤ 69.5 ᠰᠠᠶ᠎ᠠ ᠲᠣᠨ ᠨᠡᠭᠦᠷᠡᠰᠦ ᠪᠠᠶᠠᠵᠢᠭᠤᠯᠤᠭᠠᠳ ᠪᠠᠶᠢᠨ᠎ᠡ᠃ ᠵᠢᠯ ᠳᠦ 9-10 ᠰᠠᠶ᠎ᠠ ᠲᠣᠨ ᠨᠡᠭᠦᠷᠡᠰᠦ ᠭᠠᠷᠭᠠᠬᠤ ᠬᠦᠴᠦᠨ ᠴᠢᠳᠠᠯ ᠲᠠᠢ ᠴᠤ ᠬᠢᠯᠢ ᠪᠣᠭᠤᠮᠲᠠ ᠶᠢᠨ ᠨᠡᠪᠲᠡᠷᠡᠯᠲᠡ ᠶᠢᠨ ᠬᠦᠴᠦᠨ ᠴᠢᠳᠡᠯ᠂ ᠬᠤᠳᠠᠯᠳᠤᠭᠠᠨ ᠤ ᠪᠠᠶᠢᠳᠠᠯ ᠠᠴᠠ ᠬᠠᠮᠢᠶᠠᠷᠴᠤ ᠪᠠᠶᠢᠨ᠎ᠡ᠃