ᠡᠷᠡᠭᠦᠯ ᠮᠡᠨᠳᠦ ᠶᠢᠨ ᠰᠠᠯᠪᠤᠷᠢ ᠳᠤ ᠲᠤᠰᠠᠯᠠᠮᠵᠢ ᠦᠵᠡᠭᠦᠯᠵᠦ ᠢᠷᠡᠭᠰᠡᠨ ᠳᠤ ᠲᠠᠯᠠᠷᠬᠠᠯ ᠢᠯᠡᠷᠬᠡᠶᠢᠯᠡᠪᠡ | News.MN

ᠡᠷᠡᠭᠦᠯ ᠮᠡᠨᠳᠦ ᠶᠢᠨ ᠰᠠᠯᠪᠤᠷᠢ ᠳᠤ ᠲᠤᠰᠠᠯᠠᠮᠵᠢ ᠦᠵᠡᠭᠦᠯᠵᠦ ᠢᠷᠡᠭᠰᠡᠨ ᠳᠤ ᠲᠠᠯᠠᠷᠬᠠᠯ ᠢᠯᠡᠷᠬᠡᠶᠢᠯᠡᠪᠡ

ᠭᠠᠳᠠᠭᠠᠳᠤ ᠬᠠᠷᠢᠯᠴᠠᠭᠠᠨ ᠤ ᠳᠡᠳ᠋ ᠰᠠᠶᠢᠳ ᠪ∙ᠮᠥᠩᠬᠡᠵᠢᠨ ᠯᠦᠺᠰᠧᠮᠪᠦ᠋ᠷᠡᠭ ᠤᠨ ᠶᠡᠭᠡ ᠭᠦᠩᠲᠦ ᠤᠯᠤᠰ ᠤᠨ ᠬᠥᠭᠵᠢᠯ ᠤᠨ ᠬᠠᠮᠲᠤ ᠶᠢᠨ ᠠᠵᠢᠯᠯᠠᠭ᠎ᠠ᠂ ᠬᠦᠮᠦᠯᠢᠭ ᠤᠨ ᠰᠠᠶᠢᠳ ᠪᠥᠭᠡᠳ ᠡᠳ᠋ ᠤᠨ ᠵᠠᠰᠠᠭ ᠤᠨ ᠰᠠᠶᠢᠳ ᠹᠷᠠᠨᠽ ᠹᠠᠶᠤ᠋ ᠲᠠᠢ ᠳᠤᠯᠤᠳᠤᠭᠠᠷ ᠰᠠᠷ᠎ᠠ ᠶᠢᠨ 26 ᠤ ᠡᠳᠦᠷ ᠠᠭᠤᠯᠵᠠᠯᠲᠠ ᠬᠢᠵᠦ᠂  ᠳᠡᠳ᠋ ᠰᠠᠶᠢᠳ ᠪ∙ᠮᠥᠩᠬᠡᠵᠢᠨ ᠮᠠᠨ ᠤ ᠡᠷᠡᠭᠦᠯ ᠮᠡᠨᠳᠦ ᠶᠢᠨ ᠰᠠᠯᠪᠤᠷᠢ ᠳᠤ ᠰᠡᠭᠦᠯ ᠤᠨ 21 ᠵᠢᠯ ᠤᠨ ᠲᠤᠷᠰᠢ ᠪᠤᠴᠠᠯᠲᠠ ᠦᠭᠡᠢ ᠲᠤᠰᠠᠯᠠᠮᠵᠢ ᠦᠵᠡᠭᠦᠯᠵᠦ ᠢᠷᠡᠭᠰᠡᠨ ᠯᠦᠺᠰᠧᠮᠪᠦ᠋ᠷᠡᠭ ᠤᠨ ᠶᠡᠭᠡ ᠭᠦᠩᠲᠤ ᠤᠯᠤᠰ ᠤᠨ ᠵᠠᠰᠠᠭ ᠤᠨ ᠭᠠᠵᠠᠷ ᠲᠤ ᠲᠠᠯᠠᠷᠬᠠᠯ ᠢᠯᠡᠷᠬᠡᠶᠢᠯᠡᠪᠡ᠃
ᠯᠦᠺᠰᠧᠮᠪᠦ᠋ᠷᠡᠭ ᠤᠨ ᠶᠡᠭᠡ ᠭᠦᠩᠲᠦ ᠤᠯᠤᠰ ᠤᠨ ᠵᠠᠰᠠᠭ ᠤᠨ ᠭᠠᠵᠠᠷ  ᠤᠨ ᠲᠤᠰᠠᠯᠠᠮᠵᠢ ᠶᠢᠨ ᠲᠥᠰᠥᠯ ᠤᠳ ᠨᠢ ᠵᠢᠷᠦᠬᠡ ᠰᠤᠳᠠᠰᠤᠨ ᠤ ᠡᠪᠡᠳᠴᠢᠯᠡᠯ ᠢ ᠪᠠᠭᠤᠷᠠᠭᠤᠯᠬᠤ᠂ ᠤᠷᠢᠳᠴᠢᠯᠠᠨ ᠰᠡᠷᠭᠡᠶᠢᠯᠡᠬᠦ᠂ ᠵᠢᠷᠦᠬᠡ ᠰᠤᠳᠠᠰᠤᠨ ᠤ ᠨᠡᠷᠢᠠ ᠮᠡᠷᠭᠡᠵᠢᠯ ᠤᠨ ᠡᠮᠴᠢ ᠮᠡᠷᠭᠡᠵᠢᠯᠲᠡᠨ ᠢ ᠪᠡᠯᠡᠳᠬᠡᠨ ᠰᠤᠷᠭᠠᠬᠤ᠂ ᠬᠥᠮᠥᠨ ᠤ ᠨᠥᠭᠡᠴᠡ ᠶᠢᠨ ᠴᠢᠳᠠᠪᠬᠢ ᠶᠢ ᠰᠠᠶᠢᠵᠢᠷᠠᠭᠤᠯᠬᠤ ᠳᠤ ᠴᠢᠬᠤᠯᠠ ᠡᠭᠦᠷᠭᠡ ᠭᠦᠢᠴᠡᠳᠬᠡᠵᠦ ᠢᠷᠡᠭᠰᠡᠨ ᠶᠤᠮ᠃ ᠹᠷᠠᠨᠽ ᠹᠠᠶᠤ᠋ 7 ᠳ᠋ᠤᠭᠠᠷ ᠰᠠᠷ᠎ᠠ ᠶᠢᠨ 26-31  ᠤ ᠡᠳᠦᠷ ᠤᠳ ᠲᠤ ᠮᠣᠩᠭᠤᠯ ᠤᠯᠤᠰ ᠲᠤ ᠠᠶᠢᠯᠴᠢᠯᠠᠵᠤ ᠪᠠᠶᠢᠨ᠎ᠡ᠃

ᠰᠡᠳᠬᠢᠭᠳᠡᠯ ᠦᠯᠡᠳᠡᠭᠡᠬᠦ