ᠨᠢᠰᠬᠦ ᠪᠠᠭᠤᠳᠠᠯ ᠳᠤ ᠴᠠᠬᠢᠮ ᠭᠠᠷᠴᠠ  ᠪᠤᠯᠦᠠ ᠭᠠᠷ ᠲᠡᠭᠡᠭᠡᠰᠢ ᠰᠢᠯᠭᠠᠬᠤ ᠲᠥᠬᠦᠭᠡᠷᠦᠮᠵᠢ ᠰᠠᠭᠤᠷᠢᠯᠠᠭᠤᠯᠤᠨ᠎ᠠ | News.MN

 ᠨᠢᠰᠬᠦ ᠪᠠᠭᠤᠳᠠᠯ ᠳᠤ ᠴᠠᠬᠢᠮ ᠭᠠᠷᠴᠠ  ᠪᠤᠯᠦᠠ ᠭᠠᠷ ᠲᠡᠭᠡᠭᠡᠰᠢ ᠰᠢᠯᠭᠠᠬᠤ ᠲᠥᠬᠦᠭᠡᠷᠦᠮᠵᠢ ᠰᠠᠭᠤᠷᠢᠯᠠᠭᠤᠯᠤᠨ᠎ᠠ

ᠵᠡᠮ ᠲᠡᠭᠡᠭᠡᠪᠦᠷᠢ ᠶᠢᠨ ᠬᠥᠭᠵᠢᠯ ᠤᠨ ᠰᠠᠶᠢᠳ ᠯ᠊·ᠬᠠᠯᠲᠠᠷ 07 ᠰᠠᠷ᠎ᠠ ᠶᠢᠨ 26 ᠳᠦ ᠶᠠᠫᠤᠨ ᠤᠯᠤᠰ ᠠᠴᠠ ᠮᠣᠩᠭᠤᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠠ ᠡᠷᠬᠡᠲᠦ ᠡᠯᠴᠢᠨ ᠰᠠᠶᠢᠳ ᠺᠤᠪᠠᠶᠠᠰᠢ ᠾᠢᠷᠤᠶᠤᠺᠢ ᠲᠠᠢ ᠠᠭᠤᠯᠵᠠᠵᠤ᠂ ᠴᠢᠩᠭᠢᠰ ᠬᠠᠭᠠᠨ ᠣᠯᠠᠨ ᠤᠯᠤᠰ ᠤᠨ ᠨᠢᠰᠬᠦ ᠣᠩᠭᠤᠴᠠᠨ ᠤ ᠪᠠᠭᠤᠳᠠᠯ ᠤᠨ ᠦᠶᠯᠡ ᠠᠵᠢᠯᠯᠠᠭᠠᠨ ᠤ ᠲᠠᠯ᠎ᠠ ᠪᠠᠷ ᠰᠠᠨᠠᠯ ᠰᠣᠯᠢᠯᠴᠠᠯ᠎ᠠ᠃
ᠠᠭᠠᠷ ᠤᠨ ᠵᠠᠮ ᠤᠨ︽ᠴᠢᠩᠭᠢᠰ ᠬᠠᠭᠠᠨ︾ᠬᠢᠯᠢ ᠶᠢᠨ ᠪᠣᠭᠤᠮᠲᠠ ᠶᠢᠨ ᠨᠡᠪᠲᠡᠷᠡᠭᠦᠯᠬᠦ ᠬᠦᠴᠦᠨ ᠴᠢᠳᠠᠯ ᠢ ᠨᠡᠮᠡᠭᠳᠡᠭᠦᠯᠬᠦ ᠂ ᠬᠢᠯᠢ ᠶᠢᠨ ᠪᠣᠭᠤᠮᠲᠠ ᠳᠤ ᠴᠠᠬᠢᠮ ᠭᠠᠷᠴᠠ ᠪᠤᠯᠦᠠ ᠵᠣᠷᠴᠢᠭᠴᠢ ᠶᠢᠨ ᠭᠠᠷ ᠲᠡᠭᠡᠭᠡᠰᠢ ᠰᠢᠯᠭᠠᠬᠤ ᠷᠧᠨ᠋ᠲᠭᠸᠠ ᠲᠥᠬᠦᠭᠡᠷᠦᠮᠵᠢ ᠶᠢ ᠨᠡᠮᠡᠵᠦ ᠰᠠᠭᠤᠷᠢᠯᠠᠭᠤᠯᠬᠤ ᠪᠠᠷ ᠲᠥᠯᠥᠪᠯᠡᠵᠦ ᠪᠠᠶᠢᠭ᠎ᠠ ᠶᠤᠮ᠃
ᠠᠭᠤᠯᠵᠠᠯᠲᠠ ᠶᠢᠨ ᠦᠶ᠎ᠡ ᠪᠠᠷ ᠰᠢᠨ᠎ᠡ ᠨᠢᠰᠬᠦ ᠪᠠᠭᠤᠳᠠᠯ ᠳᠤ ᠡᠭᠦᠰᠳᠡᠭ ᠠᠴᠢᠶ᠎ᠠ᠂ ᠵᠣᠷᠴᠢᠭᠴᠢᠳ ᠤᠨ ᠪᠦᠭᠡᠮᠨᠡᠷᠡᠯ᠂ ᠠᠴᠢᠶᠠᠯᠠᠯ ᠢ ᠪᠠᠭᠤᠷᠠᠭᠤᠯᠬᠤ ᠵᠣᠷᠢᠯᠭ᠎ᠠ ᠪᠠᠷ ᠴᠠᠭ ᠤᠨ ᠬᠤᠪᠢᠶᠠᠷᠢᠯᠠᠯᠲᠠ ᠶᠢᠨ ᠵᠣᠬᠢᠴᠠᠭᠤᠯᠤᠯᠲᠠ ᠬᠢᠵᠦ ᠠᠵᠢᠯᠯᠠᠵᠤ ᠪᠠᠶᠢᠭ᠎ᠠ ᠲᠠᠯ᠎ᠠ ᠪᠠᠷ ᠮᠡᠳᠡᠭᠡᠯᠡᠯ ᠰᠣᠯᠢᠯᠴᠠᠯ᠎ᠠ᠃ ᠴᠢᠨᠠᠭᠰᠢᠳᠠ  ᠠᠴᠢᠶ᠎ᠠ ᠲᠡᠭᠡᠭᠡᠪᠦᠷᠢ ᠶᠢᠨ ᠤᠷᠤᠰᠬᠠᠯ ᠶᠡᠬᠡᠰᠬᠦ ᠬᠠᠨᠳᠤᠯᠭ᠎ᠠ ᠲᠠᠢ ᠪᠠᠶᠢᠭ᠎ᠠ ᠲᠤᠯᠠ ᠨᠢᠰᠬᠦ ᠪᠠᠭᠤᠳᠠᠯ ᠤᠨ ᠬᠦᠴᠦᠨ ᠴᠢᠳᠠᠯ ᠢ ᠪᠦᠷᠢᠠ ᠠᠰᠢᠭᠯᠠᠬᠤ ᠳᠤ ᠴᠢᠭᠯᠡᠭᠰᠡᠨ ᠮᠧᠨᠧᠵᠮᠧᠨᠲ ᠤᠨ ᠵᠥᠪ ᠵᠣᠬᠢᠴᠠᠭᠤᠯᠤᠯᠲᠠ ᠬᠢᠬᠦ ᠳᠤ ᠬᠤᠶᠠᠷ ᠲᠠᠯ᠎ᠠ ᠠᠴᠠ ᠱᠠᠭᠠᠷᠳᠠᠯᠭ᠎ᠠ ᠲᠠᠢ ᠳᠡᠮᠵᠢᠯᠭᠡ ᠦᠵᠡᠭᠦᠯᠵᠦ᠂ ᠬᠠᠮᠲᠤᠷᠠᠵᠤ ᠠᠵᠢᠯᠯᠠᠬᠤ ᠪᠠᠷ ᠪᠣᠯᠪᠠ᠃

ᠰᠡᠳᠬᠢᠭᠳᠡᠯ ᠦᠯᠡᠳᠡᠭᠡᠬᠦ