ᠪ∙ᠪᠠᠲᠤᠴᠡᠴᠡᠭ ᠰᠡᠳᠭᠦᠯᠴᠢ ᠶᠢᠨ ᠠᠰᠠᠭᠤᠯᠲᠠ ᠳᠤ ᠬᠠᠷᠢᠭᠤᠯᠵᠠᠢ | News.MN

ᠪ∙ᠪᠠᠲᠤᠴᠡᠴᠡᠭ ᠰᠡᠳᠭᠦᠯᠴᠢ ᠶᠢᠨ ᠠᠰᠠᠭᠤᠯᠲᠠ ᠳᠤ ᠬᠠᠷᠢᠭᠤᠯᠵᠠᠢ

ᠭᠠᠳᠠᠭᠠᠳᠤ ᠬᠠᠷᠢᠯᠴᠠᠭᠠᠨ ᠤ ᠰᠠᠶᠢᠳ ᠪ∙ᠪᠠᠲᠤᠴᠡᠴᠡᠭ ᠮᠣᠩᠭᠤᠯ ᠤᠯᠤᠰ ᠤᠨ ᠶᠡᠷᠦᠩᠬᠡᠶ ᠰᠠᠶᠢᠳ ᠯ᠊ · ᠤᠶᠤᠡᠡᠷᠳᠡᠨᠢ ᠶᠢᠨ ᠰᠢᠩᠭᠠᠫᠦᠷ ᠤᠯᠤᠰ ᠲᠤ ᠬᠢᠭᠰᠡᠨ ᠠᠯᠪᠠᠨ ᠶᠣᠰᠣᠨ ᠤ ᠠᠶᠢᠯᠴᠢᠯᠠᠯ ᠤᠨ ᠳ᠋ᠦᠩ ᠢ ᠲᠠᠨᠢᠯᠴᠠᠭᠤᠯᠵᠤ᠂ ᠰᠢᠨ᠎ᠡ ᠰᠡᠷᠭᠦᠯᠲᠡ ᠶᠢᠨ ᠪᠣᠳᠣᠯᠭ᠎ᠠ ᠶᠢᠨ ᠬᠦᠷᠢᠶᠡᠨ ᠳᠤ ᠰᠢᠩᠭᠠᠫᠤᠷ ᠤᠨ ᠲᠡᠷᠢᠭᠦᠯᠡᠭᠴᠢ ᠪᠠᠶᠢᠭᠤᠯᠤᠯᠭ᠎ᠠ ᠲᠠᠢ ᠬᠠᠮᠲᠤᠷᠠᠨ ᠠᠵᠢᠯᠯᠠᠬᠤ ᠪᠠᠷ ᠪᠣᠯᠣᠭᠰᠠᠨ ᠭᠡᠳᠡᠭ ᠢ ᠳᠤᠭᠤᠯᠭᠠᠯ᠎ᠠ᠃
ᠡᠨᠡ ᠦᠶ᠎ᠡ ᠪᠠᠷ ᠲᠡᠷᠡ ᠪᠠᠷ ᠤᠷᠦᠰ᠂ ᠮᠣᠩᠭᠣᠯ ᠤᠨ ᠬᠠᠮᠲᠤᠷᠠᠭᠰᠠᠨ ᠬᠡᠭᠡᠷ᠎ᠡ ᠶᠢᠨ ᠰᠤᠷᠭᠠᠭᠤᠯᠢ ᠶᠢᠨ ᠠᠰᠠᠭᠤᠳᠠᠯ ᠢᠶᠠᠷ ᠰᠡᠳᠬᠦᠯᠴᠢ ᠶᠢᠨ ᠠᠰᠠᠭᠤᠯᠲᠠ ᠳᠤ ᠬᠠᠷᠢᠭᠤᠯᠲᠠ ᠥᠭᠭᠦᠯ᠎ᠡ᠃ ᠪ ∙ ᠪᠠᠲᠤᠴᠡᠴᠡᠭ᠄ ᠮᠠᠨ ᠤ ᠤᠯᠤᠰ ᠣᠯᠠᠨ ᠣᠷᠣᠨ ᠲᠠᠢ ᠪᠠᠲᠤᠯᠠᠨ ᠬᠠᠮᠡᠭᠠᠯᠡᠬᠤ ᠰᠠᠯᠪᠤᠷᠢ ᠶᠢᠨ ᠬᠠᠮᠲᠤ ᠶᠢᠨ ᠠᠵᠢᠯᠯᠠᠭ᠎ᠠ ᠶᠢ ᠬᠥᠭᠵᠢᠭᠦᠯᠵᠦ ᠪᠠᠶᠢᠭ᠎ᠠ᠃ ᠰᠠᠶ᠋ᠢᠬᠠᠨ  ᠠᠮᠧᠷᠢᠺᠠ  ᠲᠠᠢ ᠬᠠᠮᠲᠤᠷᠠᠭᠰᠠᠨ︽ᠬᠠᠭᠠᠨ ᠤ ᠡᠷᠢᠯ ᠳᠤ︾ᠴᠡᠷᠢᠭ ᠤᠨ ᠰᠤᠷᠭᠠᠭᠤᠯᠢᠯᠠᠯᠲᠠ ᠶᠢ ᠬᠢᠭᠰᠡᠨ᠃ ᠤᠷᠦᠰ᠂  ᠮᠣᠩᠭᠣᠯ ᠤᠨ ᠵᠠᠪᠰᠡᠭᠲᠦ ᠬᠦᠴᠦᠨ ᠤ︽ᠰᠡᠯᠡᠩᠭᠡ︾ ᠬᠡᠭᠡᠷ᠎ᠡ ᠶᠢᠨ ᠰᠤᠷᠭᠠᠭᠤᠯᠢᠯᠠᠯᠲᠠ ᠵᠢᠯ ᠪᠦᠷᠢ ᠵᠣᠬᠢᠶᠠᠨ ᠪᠠᠢᠭᠤᠯᠤᠭᠳᠠᠳᠠᠭ᠃ ᠲᠥᠯᠦᠪᠯᠡᠭᠰᠡᠨ ᠠᠵᠢᠯ ᠢᠶᠠᠨ ᠬᠤᠶᠠᠷ ᠲᠠᠯ᠎ᠠ ᠲᠤᠬᠢᠷᠠᠭᠰᠠᠨ ᠤ ᠳᠠᠭᠠᠤ ᠬᠡᠷᠡᠭᠵᠢᠭᠦᠯᠦᠭᠡᠳ ᠶᠠᠪᠤᠵᠤ ᠪᠠᠶᠢᠭ᠎ᠠ ᠠᠵᠢᠯ ᠤᠳ ᠤᠨ ᠨᠢᠭᠡ᠃ ᠣᠷᠣᠰ ᠰᠤᠷᠭᠠᠭᠤᠯᠢᠯᠠᠯᠲᠠ ᠳᠤ ᠪᠠᠨ ᠵᠣᠷᠢᠭᠤᠯᠵᠤ ᠲᠧᠭᠨᠢᠭ ᠣᠷᠣᠭᠤᠯᠵᠤ ᠢᠷᠡᠭᠡᠳ ᠪᠤᠴᠠᠭᠠᠭᠠᠳ ᠠᠪᠤᠭᠠᠳ ᠭᠠᠷᠳᠠᠭ ᠤᠯᠠᠮᠵᠢᠯᠠᠯ ᠲᠠᠢ᠃ ᠶᠡᠮᠡᠷ ᠨᠢᠭᠡᠨ ᠰᠢᠨ᠎ᠡ ᠵᠦᠶᠯ ᠬᠢᠵᠦ ᠪᠠᠶᠢᠭ᠎ᠠ ᠪᠤᠰᠤ᠂ ᠵᠢᠯ ᠪᠣᠯᠭᠠᠨ ᠬᠢᠭᠳᠡᠳᠡᠭ ᠰᠤᠷᠭᠠᠭᠤᠯᠢᠯᠠᠯᠲᠠ᠃ ᠡᠨᠡ ᠨᠢ ᠵᠠᠰᠠᠭ ᠤᠨ ᠭᠠᠵᠠᠷ ᠬᠤᠭᠤᠷᠤᠨᠳᠤ ᠶᠢᠨ ᠬᠡᠯᠡᠯᠴᠡᠭᠡᠷ ᠪᠤᠯᠦᠠ ᠪᠠᠲᠤᠯᠠᠨ ᠬᠠᠮᠡᠭᠠᠯᠡᠬᠤ ᠶᠠᠮᠤᠳ ᠬᠤᠭᠤᠷᠦᠡᠳᠦ ᠲᠣᠬᠢᠷᠠᠭᠰᠠᠨ ᠲᠣᠬᠢᠷᠠᠯᠴᠠᠭ᠎ᠠ᠂ ᠬᠠᠤᠯᠢ ᠶᠢᠨ ᠬᠦᠷᠢᠶᠡᠨ ᠳᠤ ᠬᠢᠭᠳᠡᠵᠦ ᠪᠤᠶ ᠠᠵᠢᠯ ᠶᠤᠮ ᠭᠡᠯ᠎ᠡ᠃

ᠰᠡᠳᠬᠢᠭᠳᠡᠯ ᠦᠯᠡᠳᠡᠭᠡᠬᠦ