ᠢᠭᠡᠳᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠲᠡᠷᠢᠬᠦᠠ ᠠᠶᠢᠯᠴᠢᠯᠠᠨ᠎ᠠ | News.MN

ᠢᠭᠡᠳᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠲᠡᠷᠢᠬᠦᠠ ᠠᠶᠢᠯᠴᠢᠯᠠᠨ᠎ᠠ

ᠣᠷᠣᠰ  ᠤᠨ ᠭᠠᠳᠠᠭᠠᠳᠤ ᠬᠡᠷᠡᠭ ᠤᠨ ᠰᠠᠶᠢᠳ ᠰ᠊ ·ᠯᠠᠪᠷᠤᠸ᠋ ᠰᠠᠶ᠋ᠢᠬᠠᠨ︵07.05︶ᠮᠠᠨ ᠤ ᠤᠯᠤᠰ ᠲᠤ ᠠᠶᠢᠯᠴᠢᠯᠠᠭᠰᠠᠨ᠃  ᠲᠡᠷᠡ ᠮᠠᠨ ᠤ ᠤᠯᠤᠰ ᠢ  ᠱᠠᠩᠬᠠᠢ ᠶᠢᠨ ᠬᠠᠮᠲᠤ ᠶᠢᠨ ᠠᠵᠢᠯᠯᠠᠭᠠᠨ ᠤ ᠪᠠᠶᠢᠭᠤᠯᠤᠯᠭ᠎ᠠ᠂ ᠡᠸᠦ᠋ᠷᠦᠫᠡ ᠠᠽᠢᠶ᠎ᠠ ᠶᠢᠨ ᠡᠳ᠋ ᠤᠨ ᠵᠠᠰᠠᠭ ᠤᠨ ᠬᠤᠯᠪᠣᠭ᠎ᠠ ᠵᠡᠷᠭᠡ ᠪᠠᠶᠢᠭᠤᠯᠤᠯᠭ᠎ᠠ ᠲᠠᠢ ᠬᠠᠮᠲᠤ ᠶᠢᠨ ᠠᠶᠤᠯᠭᠦᠢ ᠪᠠᠶᠢᠳᠠᠯ ᠤᠨ ᠭᠡᠷ᠎ᠡ ᠪᠠᠶᠢᠭᠤᠯᠬᠤ  ᠶᠢ ᠵᠦᠪᠯᠡᠭᠰᠡᠨ ᠪᠠᠶᠢᠳᠠᠭ᠃
ᠬᠠᠷᠢᠨ ᠢᠷᠡᠬᠦ ᠰᠠᠷ᠎ᠠ ᠳᠦ  ᠬᠢᠲᠠᠳ  ᠤᠨ ᠭᠠᠳᠠᠭᠠᠳᠤ ᠬᠡᠷᠡᠭ ᠤᠨ ᠰᠠᠶᠢᠳ ᠸᠠᠩ ᠢ ᠮᠠᠨ ᠤ ᠤᠯᠤᠰ ᠲᠤ ᠠᠶᠢᠯᠴᠢᠯᠠᠯ ᠬᠢᠬᠦ ᠭᠡᠵᠦ ᠪᠠᠶᠢᠭ᠎ᠠ  ᠲᠤᠬᠠᠢ ᠶᠡᠷᠦᠩᠬᠡᠶ ᠰᠠᠶᠢᠳ ᠯ᠊ ·ᠤᠶᠤᠡᠡᠷᠳᠡᠨᠢ ᠮᠡᠳᠡᠭᠳᠡᠭᠰᠡᠨ᠃ ᠸᠠᠩ ᠢ ᠶᠢᠨ ᠠᠶᠢᠯᠴᠢᠯᠠᠯ ᠤᠨ ᠦᠶ᠎ᠡ ᠪᠠᠷ᠂ ᠡᠷᠳᠡᠨᠢᠪᠦ᠋ᠷᠢᠨ ᠦ ᠤᠰᠤᠨ ᠴᠠᠬᠢᠯᠭᠠᠨ ᠰᠲ᠋ᠠᠨᠼ᠂  ᠪᠠᠭᠠᠨᠠᠭᠤᠷ ᠤᠨ ᠴᠠᠬᠢᠯᠭᠠᠨ ᠰᠲ᠋ᠠᠨᠼ ᠤᠨ ᠠᠰᠠᠭᠤᠳᠠᠯ ᠢ ᠡᠴᠦᠰᠯᠡᠨ ᠰᠢᠢᠳᠪᠦᠷᠢᠯᠡᠵᠦ᠂ ᠬᠢᠯᠢ ᠶᠢᠨ ᠪᠣᠭᠤᠮᠲᠠ ᠨᠤᠭᠤᠳ ᠲᠠᠢ  ᠬᠤᠯᠪᠤᠭ᠎ᠠ ᠲᠠᠢ ᠬᠡᠯᠡᠯᠴᠡᠭᠡᠷ ᠲᠤ ᠭᠠᠷ ᠤᠨ ᠦᠰᠦᠭ ᠵᠢᠷᠤᠨ᠎ᠠ ᠭᠡᠵᠦ ᠪᠤᠶ᠃
ᠲᠡᠭᠡᠪᠡᠯ ᠡᠨᠡ ᠰᠠᠷ᠎ᠠ ᠶᠢᠨ ᠨᠢᠭᠡᠨ ᠳᠦ ᠮᠣᠩᠭᠤᠯ ᠤᠯᠤᠰ ᠠᠴᠠ  ᠠᠮᠧᠷᠢᠺᠠ ᠳᠦ ᠰᠠᠭᠤᠭ᠎ᠠ ᠡᠯᠴᠢᠨ ᠰᠠᠶᠢᠳ ᠥ᠊ ·ᠪᠠᠲᠤᠪᠠᠶᠠᠷ  ᠠᠮᠧᠷᠢᠺᠠ ᠶᠢᠨ ᠶᠡᠷᠦᠩᠬᠡᠶᠢᠯᠡᠭᠴᠢ ᠪᠠᠢᠳ᠋ᠸᠨ ᠲᠠᠢ ᠠᠭᠤᠯᠵᠠᠵᠤ᠂ ᠬᠤᠶᠠᠷ ᠣᠷᠣᠨ ᠤ ᠬᠠᠷᠢᠯᠴᠠᠭ᠎ᠠ᠂ ᠬᠠᠮᠲᠤ ᠶᠢᠨ ᠠᠵᠢᠯᠯᠠᠭᠠᠨ ᠤ ᠲᠠᠯ᠎ᠠ ᠪᠠᠷ ᠶᠠᠷᠢᠯᠴᠠᠭᠰᠠᠨ ᠲᠤᠬᠠᠢ  ᠭᠠᠳᠠᠭᠠᠳᠤ ᠬᠠᠷᠢᠯᠴᠠᠭᠠᠨ ᠤ ᠶᠠᠮᠤᠨ ᠠᠴᠠ ᠮᠡᠳᠡᠭᠳᠡᠭᠰᠡᠨ᠃ ᠠᠭᠤᠯᠵᠠᠯᠲᠠ ᠶᠢᠨ ᠦᠶ᠎ᠡ ᠪᠠᠷ ᠵᠢᠯ ᠪᠦᠷᠢ ᠪᠣᠯᠳᠠᠭ ᠮᠣᠩᠭᠤᠯ ᠣᠷᠤᠰ ᠤᠨ ᠬᠠᠮᠲᠤᠷᠠᠭᠰᠠᠨ ᠴᠡᠷᠢᠭ ᠤᠨ ᠰᠤᠷᠭᠠᠭᠤᠯᠢᠯᠲᠠ ᠬᠤᠪᠳᠤ ᠠᠶᠢᠮᠠᠭ ᠲᠤ ᠪᠣᠯᠬᠤ ᠲᠤᠬᠠᠢ ᠳᠤᠭᠤᠯᠭᠠᠵᠤ᠂ ᠤᠯᠠᠮᠵᠢᠯᠠᠯᠲᠤ ᠴᠡᠷᠢᠭ ᠤᠨ ᠰᠤᠷᠭᠠᠭᠤᠯᠢᠯᠲᠠ ᠶᠢ ᠵᠥᠪ ᠢᠶᠠᠷ ᠬᠦᠯᠢᠶᠡᠵᠦ ᠠᠪᠬᠤ ᠶᠢ ᠳᠤᠭᠤᠯᠭᠠᠭᠰᠠᠨ ᠪᠠᠶᠢᠵᠤ ᠮᠠᠭᠠᠳ ᠦᠭᠡᠶ ᠶᠤᠮ᠃

ᠤᠳᠤ ᠤᠳᠠᠬᠤ ᠦᠭᠡᠢ ᠨᠢᠭᠡᠳᠦᠭᠰᠡᠨ ᠦᠨᠳᠦᠰᠦᠲᠡᠨ ᠦ ᠪᠠᠢᠭᠤᠯᠤᠯᠭ᠎ᠠ ᠶᠢᠨ ᠶᠡᠷᠦᠩᠬᠡᠢ ᠨᠠᠷᠢᠨ ᠪᠢᠴᠢᠭ ᠦᠨ ᠳᠠᠷᠤᠭ᠎ᠠ ᠮᠠᠨ ᠤ ᠤᠯᠤᠰ ᠲᠤ ᠠᠢᠯᠴᠢᠯᠠᠨ᠎ᠠ᠃

ᠰᠡᠳᠬᠢᠭᠳᠡᠯ ᠦᠯᠡᠳᠡᠭᠡᠬᠦ