ᠶᠠᠫᠣᠨ ᠤ ᠭᠠᠳᠠᠭᠠᠳᠤ ᠬᠠᠷᠢᠯᠴᠠᠭᠠᠨ ᠤ ᠠᠬᠠᠯᠠᠬᠤ᠂ ᠳᠤᠮᠳᠠ ᠱᠠᠲᠤᠨ ᠤ ᠠᠯᠪᠠᠨ ᠲᠤᠰᠢᠶᠠᠯᠲᠠᠳᠠᠶᠢᠯᠴᠢᠯᠠᠵᠤ ᠪᠠᠶᠢᠨ᠎ᠠ | News.MN

 ᠶᠠᠫᠣᠨ ᠤ ᠭᠠᠳᠠᠭᠠᠳᠤ ᠬᠠᠷᠢᠯᠴᠠᠭᠠᠨ ᠤ ᠠᠬᠠᠯᠠᠬᠤ᠂ ᠳᠤᠮᠳᠠ ᠱᠠᠲᠤᠨ ᠤ ᠠᠯᠪᠠᠨ ᠲᠤᠰᠢᠶᠠᠯᠲᠠᠳᠠᠶᠢᠯᠴᠢᠯᠠᠵᠤ ᠪᠠᠶᠢᠨ᠎ᠠ

ᠭᠠᠳᠠᠭᠠᠳᠤ ᠬᠠᠷᠢᠯᠴᠠᠭᠠᠨ ᠤ ᠰᠠᠶᠢᠳ ᠪ ∙ ᠪᠠᠲᠤᠴᠡᠴᠡᠭ ᠦᠨ ᠤᠷᠢᠯᠭ᠎ᠠ ᠪᠠᠷ ᠮᠣᠩᠭᠣᠯ ᠤᠯᠤᠰ᠂ ᠶᠠᠫᠣᠨ ᠤᠯᠤᠰ ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 50 ᠵᠢᠯ ᠦᠨ ᠣᠢ ᠶᠢᠨ ᠬᠦᠷᠢᠶᠡᠨ ᠳᠦ ᠶᠠᠫᠣᠨ ᠤᠯᠤᠰ ᠤᠨ ᠭᠠᠳᠠᠭᠠᠳᠤ ᠬᠡᠷᠡᠭ ᠦᠨ ᠶᠠᠮᠤᠨ ᠤ ᠠᠬᠠᠯᠠᠬᠤ᠂ ᠳᠤᠮᠳᠠ ᠱᠠᠲᠤᠨ ᠤ ᠤᠳᠤᠷᠢᠳᠬᠤ ᠠᠯᠪᠠᠨ ᠲᠤᠰᠢᠶᠠᠯᠲᠠᠳ 7 ᠳ᠋ᠤᠭᠠᠷ ᠰᠠᠷ᠎ᠠ ᠶᠢᠨ 27-30   ᠳᠤ ᠮᠣᠩᠭᠣᠯ ᠤᠯᠤᠰ ᠲᠤ ᠠᠶᠢᠯᠴᠢᠯᠠᠵᠤ ᠪᠠᠶᠢᠨ᠎ᠠ᠃

ᠬᠣᠶᠠᠷ ᠲᠠᠯ᠎ᠠ 2022 ᠣᠨ ᠢ 《ᠮᠣᠩᠭᠣᠯ᠂ ᠶᠠᠫᠣᠨ ᠤ ᠬᠡᠦᠬᠡᠳ᠂ ᠵᠠᠯᠠᠭᠤᠴᠤᠳ ᠤᠨ ᠨᠠᠶᠢᠷᠠᠮᠳᠠᠯ᠂ ᠰᠣᠯᠢᠯᠴᠠᠭᠠᠨ ᠤ ᠵᠢᠯ》 ᠢᠶᠡᠷ ᠵᠠᠷᠯᠠᠨ ᠤᠯᠤᠰ ᠲᠥᠷᠥ᠂  ᠪᠢᠽᠢᠨᠧᠰ᠂ ᠲᠥᠷᠥ ᠶᠢᠨ ᠠᠯᠪᠠ᠂ ᠰᠤᠶᠤᠯ ᠤᠷᠠᠯᠢᠭ ᠤᠨ ᠲᠥᠯᠥᠭᠡᠯᠡᠯ ᠪᠣᠯᠤᠭᠰᠠᠨ ᠰᠢᠯᠢᠳᠡᠭ ᠵᠠᠯᠠᠭᠤᠰ ᠢ ᠬᠠᠷᠢᠯᠴᠠᠨ ᠢᠯᠡᠭᠡᠵᠦ᠂ ᠰᠣᠯᠢᠯᠴᠠᠭᠠᠨ ᠤ ᠠᠷᠭ᠎ᠠ ᠬᠡᠮᠵᠢᠶ᠎ᠡ ᠵᠣᠬᠢᠶᠠᠨ ᠪᠠᠶᠢᠭᠤᠯᠬᠤ ᠪᠠᠷ ᠲᠣᠬᠢᠷᠠᠯᠴᠠᠵᠤ᠂ ᠣᠢ ᠶᠢ ᠲᠡᠮᠳᠡᠭᠯᠡᠨ ᠥᠩᠭᠡᠷᠡᠭᠦᠯᠬᠦ ᠠᠵᠢᠯ ᠤᠨ ᠲᠥᠯᠥᠪᠯᠡᠭᠡ ᠶᠢ ᠬᠠᠮᠲᠤᠷᠠᠨ ᠬᠡᠷᠡᠭᠵᠢᠭᠦᠯᠵᠦ ᠪᠠᠶᠢᠨ᠎ᠠ᠃
ᠡᠨᠡ ᠬᠦ ᠬᠥᠲᠥᠯᠪᠦᠷᠢ ᠶᠢ ᠮᠠᠨ ᠤ ᠲᠠᠯ᠎ᠠ ᠶᠢᠨ ᠰᠠᠨᠠᠭᠠᠴᠢᠯᠠᠭ᠎ᠠ ᠪᠠᠷ 1998 ᠣᠨ ᠠᠴᠠ ᠡᠬᠢᠯᠡᠨ ᠬᠡᠷᠡᠭᠵᠢᠭᠦᠯᠵᠦ ᠡᠬᠢᠯᠡᠭᠰᠡᠨ ᠪᠥᠭᠡᠳ ᠶᠠᠫᠣᠨ ᠤᠯᠤᠰ ᠤᠨ ᠭᠠᠳᠠᠭᠠᠳᠤ ᠬᠡᠷᠡᠭ ᠦᠨ ᠶᠠᠮᠤᠨ ᠤ ᠥᠰᠬᠦ ᠢᠷᠡᠭᠡᠳᠦᠢ ᠲᠡᠢ᠂ ᠠᠬᠠᠯᠠᠬᠤ᠂ ᠳᠤᠮᠳᠠ ᠱᠠᠲᠤᠨ ᠤ ᠤᠳᠤᠷᠢᠳᠬᠤ ᠠᠯᠪᠠᠨ  ᠲᠤᠰᠢᠶᠠᠯᠲᠠᠳ ᠢ ᠮᠣᠩᠭᠣᠯ ᠤᠯᠤᠰ ᠲᠤ ᠠᠶᠢᠯᠴᠢᠯᠠᠭᠤᠯᠵᠤ᠂ ᠮᠠᠨ ᠤ ᠤᠯᠤᠰ ᠤᠨ ᠭᠠᠳᠠᠭᠠᠳᠤ ᠪᠣᠳᠣᠯᠭ᠎ᠠ᠂ ᠰᠤᠶᠤᠯ ᠤᠯᠠᠮᠵᠢᠯᠠᠯ ᠢ ᠲᠠᠨᠢᠯᠴᠠᠭᠤᠯᠳᠠᠭ ᠪᠢᠯᠡ᠃

ᠰᠡᠳᠬᠢᠭᠳᠡᠯ ᠦᠯᠡᠳᠡᠭᠡᠬᠦ