ᠮᠣᠩᠭᠤᠯ᠂ ᠸᠢᠶᠧᠲᠨᠠᠮ  ᠤᠨ ᠲᠡᠮᠦᠷ ᠵᠠᠮ ᠤᠨ ᠲᠡᠭᠡᠭᠡᠪᠦᠷᠢ ᠶᠢᠨ ᠠᠰᠠᠭᠤᠳᠠᠯ ᠢ ᠰᠶᠢᠳᠬᠦ ᠰᠠᠨᠠᠯ ᠢᠯᠡᠷᠬᠡᠶᠢᠯᠡᠪᠡ | News.MN

 ᠮᠣᠩᠭᠤᠯ᠂ ᠸᠢᠶᠧᠲᠨᠠᠮ  ᠤᠨ ᠲᠡᠮᠦᠷ ᠵᠠᠮ ᠤᠨ ᠲᠡᠭᠡᠭᠡᠪᠦᠷᠢ ᠶᠢᠨ ᠠᠰᠠᠭᠤᠳᠠᠯ ᠢ ᠰᠶᠢᠳᠬᠦ ᠰᠠᠨᠠᠯ ᠢᠯᠡᠷᠬᠡᠶᠢᠯᠡᠪᠡ

ᠭᠠᠳᠠᠭᠠᠳᠤ ᠬᠠᠷᠢᠯᠴᠠᠭᠠᠨ ᠤ ᠰᠠᠶᠢᠳ ᠪ∙ᠪᠠᠲᠤᠴᠡᠴᠡᠭ ᠪᠦᠬᠦᠳᠠ ᠨᠠᠶᠢᠷᠠᠮᠳᠠᠬᠤ ᠰᠣᠼᠢᠶᠠᠯᠢᠰᠲ ᠸᠢᠶᠧᠲᠨᠠᠮ ᠤᠯᠤᠰ ᠤᠨ ᠠᠵᠤ ᠦᠢᠯᠡᠳᠪᠦᠷᠢ᠂ ᠬᠤᠳᠠᠯᠳᠤᠭᠠᠨ ᠤ ᠳᠡᠳ᠋ ᠰᠠᠶᠢᠳ ᠴᠠᠩ ᠺᠤᠺ ᠺᠬᠠᠨ ᠢ ᠨᠠᠢᠮᠠᠳᠤᠭᠠᠷ ᠰᠠᠷ᠎ᠠ ᠶᠢᠨ 2  ᠳᠦ ᠬᠦᠯᠢᠶᠡᠨ ᠠᠪᠴᠤ ᠠᠭᠤᠯᠵᠠᠪᠠ᠃ ᠠᠭᠤᠯᠵᠠᠯᠲᠠ ᠪᠠᠷ ᠰᠠᠶᠢᠳ ᠪ ∙ ᠪᠠᠲᠤᠴᠡᠴᠡᠭ ᠮᠣᠩᠭᠤᠯ  ᠤᠯᠤᠰ ᠸᠢᠶᠧᠲᠨᠠᠮ ᠤᠯᠤᠰ ᠲᠠᠢ  ᠤᠯᠤᠰ ᠲᠥᠷᠦ ᠶᠢᠨ ᠶᠠᠷᠢᠶ᠎ᠠ ᠬᠡᠯᠡᠯᠴᠡᠭᠡ ᠪᠠᠨ ᠪᠦᠬᠦ ᠲᠦᠪᠰᠢᠨ ᠳᠤ ᠢᠳᠡᠪᠬᠢᠵᠢᠭᠦᠯᠬᠦ᠂ ᠬᠠᠮᠲᠤ ᠶᠢᠨ ᠠᠵᠢᠯᠯᠠᠭᠠᠨ ᠤ ᠴᠠᠷ ᠬᠦᠷᠢᠶ᠎ᠡ ᠶᠢ ᠥᠷᠭᠡᠵᠢᠭᠦᠯᠵᠦ ᠪᠠᠬᠢᠵᠢᠭᠦᠯᠬᠦ ᠶᠢ ᠡᠷᠡᠮᠡᠯᠵᠡᠵᠦ ᠢᠷᠡᠭᠰᠡᠨ ᠢ  ᠲᠡᠮᠳᠡᠭᠯᠡᠪᠡ᠃ ᠴᠠᠩ ᠺᠤᠺ ᠺᠬᠠᠨ ᠤ ᠮᠣᠩᠭᠤᠯ ᠤᠯᠤᠰ ᠲᠤ ᠬᠢᠵᠦ ᠪᠤᠶ ᠠᠵᠢᠯ ᠤᠨ ᠠᠶᠢᠯᠴᠢᠯᠠᠯ ᠨᠢ ᠮᠠᠨ ᠤ ᠬᠤᠶᠠᠷ ᠤᠯᠤᠰ ᠤᠨ ᠠᠵᠤ ᠦᠢᠯᠡᠳᠪᠦᠷᠢ᠂ ᠬᠤᠳᠠᠯᠳᠤᠭ᠎ᠠ᠂ ᠡᠳ᠋ ᠤᠨ ᠵᠠᠰᠠᠭ᠂ ᠬᠥᠷᠥᠩᠭᠡ ᠣᠷᠤᠭᠤᠯᠤᠯᠲᠠ ᠶᠢ ᠨᠡᠮᠡᠭᠳᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠪᠣᠯᠤᠨ᠎ᠠ ᠭᠡᠳᠡᠭ ᠲᠤ ᠢᠲᠡᠭᠡᠯ ᠲᠠᠢ ᠪᠠᠶᠢᠭ᠎ᠠ ᠶᠢ ᠣᠨᠴᠠᠯᠠᠨ ᠲᠡᠮᠳᠡᠭᠯᠡᠪᠡ᠃
ᠮᠣᠩᠭᠤᠯ᠂ ᠸᠢᠶᠧᠲᠨᠠᠮ  ᠤᠨ ᠬᠤᠭᠤᠷᠦᠡᠳᠦ ᠬᠤᠳᠠᠯᠳᠤᠭᠠᠨ ᠤ ᠡᠷᠭᠢᠯᠲᠡ ᠥᠰᠬᠦ ᠬᠠᠨᠳᠤᠯᠭ᠎ᠠ ᠲᠠᠢ ᠪᠠᠶᠢᠭ᠎ᠠ ᠪᠣᠯᠪᠠᠴᠤ ᠤᠳᠠᠭᠠᠰᠢᠷᠠᠯ ᠲᠠᠢ᠂ ᠬᠢᠵᠠᠭᠠᠷᠯᠠᠭᠳᠠᠮᠠᠯ ᠬᠡᠮᠵᠢᠶᠡᠨ ᠳᠤ᠂ ᠭᠤᠣᠯ  ᠲᠥᠯᠥᠪ ᠸᠢᠶᠧᠲᠨᠠᠮ  ᠠᠴᠠ ᠤᠷᠤᠰᠬᠠᠯ ᠲᠠᠢ ᠪᠠᠶᠢᠭ᠎ᠠ ᠲᠤᠯᠠ ᠬᠤᠳᠠᠯᠳᠤᠭ᠎ᠠ ᠶᠢ ᠬᠤᠶᠠᠷ ᠲᠠᠯ᠎ᠠ ᠶᠢᠨ ᠤᠷᠤᠰᠬᠠᠯ ᠲᠠᠢ ᠪᠣᠯᠭᠠᠬᠤ ᠳᠤ ᠮᠠᠨ ᠤ ᠬᠥᠳᠡᠭᠡ ᠠᠵᠤ ᠠᠬᠤᠢ ᠶᠢᠨ ᠪᠦᠲᠦᠭᠡᠭᠳᠡᠬᠦᠨ᠂ ᠳᠤᠯᠠᠭᠠᠨ ᠤ ᠠᠷᠭ᠎ᠠ ᠪᠠᠷ ᠪᠣᠯᠪᠠᠰᠤᠷᠠᠭᠤᠯᠤᠭᠰᠠᠨ ᠪᠤᠯᠦᠠ ᠬᠥᠯᠳᠡᠭᠡᠭᠰᠡᠨ ᠮᠢᠬ᠎ᠠ᠂ ᠮᠢᠬᠠᠨ ᠪᠦᠲᠦᠭᠡᠭᠳᠡᠬᠦᠨ᠂ ᠲᠡᠭᠦᠨᠴᠢᠯᠡᠨ  ᠠᠭᠤᠯᠠ ᠠᠭᠤᠷᠬᠠᠢ ᠶᠢᠨ ᠪᠦᠲᠦᠭᠡᠭᠳᠡᠬᠦᠨ ᠤ ᠡᠺᠰᠫᠣᠷᠲ ᠢ ᠨᠡᠮᠡᠭᠳᠡᠭᠦᠯᠬᠦ᠂ ᠲᠡᠮᠦᠷ ᠵᠠᠮ ᠤᠨ ᠲᠡᠭᠡᠭᠡᠪᠦᠷᠢ ᠶᠢᠨ ᠠᠰᠠᠭᠤᠳᠠᠯ ᠢ ᠰᠢᠶᠳᠪᠦᠷᠢᠯᠡᠬᠦ᠂ ᠬᠤᠯᠪᠦᠬᠳᠡᠬᠤ ᠶᠠᠮᠤᠳ ᠬᠠᠷᠢᠯᠴᠠᠭ᠎ᠠ ᠶᠢ ᠢᠳᠡᠪᠬᠢᠵᠢᠭᠦᠯᠬᠦ ᠰᠠᠨᠠᠯ ᠲᠠᠢ ᠪᠠᠶᠢᠭ᠎ᠠ ᠪᠠᠨ ᠢᠯᠡᠷᠬᠡᠶᠢᠯᠡᠪᠡ᠃

ᠰᠡᠳᠬᠢᠭᠳᠡᠯ ᠦᠯᠡᠳᠡᠭᠡᠬᠦ