ᠣᠯᠠᠨ ᠡᠳᠦᠷ ᠤᠨ ᠳᠤᠭᠤᠢ ᠶᠢᠨ ᠤᠷᠤᠯᠳᠤᠭᠠᠨ ᠳᠤ 50 ᠭᠠᠷᠦᠢ ᠬᠥᠮᠦᠨ ᠣᠷᠣᠯᠴᠠᠵᠤ ᠪᠠᠶᠢᠨ᠎ᠡ | News.MN

ᠣᠯᠠᠨ ᠡᠳᠦᠷ ᠤᠨ ᠳᠤᠭᠤᠢ ᠶᠢᠨ ᠤᠷᠤᠯᠳᠤᠭᠠᠨ ᠳᠤ 50 ᠭᠠᠷᠦᠢ ᠬᠥᠮᠦᠨ ᠣᠷᠣᠯᠴᠠᠵᠤ ᠪᠠᠶᠢᠨ᠎ᠡ

ᠮᠣᠩᠭᠣᠯ ᠤᠨ 23 ᠳᠠᠬᠢ ᠤᠳᠠᠭ᠎ᠠ ᠶᠢᠨ ︽ᠣᠯᠠᠨ ᠡᠳᠦᠷ ᠤᠨ ᠳᠤᠭᠤᠢ ᠶᠢᠨ ᠤᠷᠤᠯᠳᠤᠭᠠᠨ︾ᠬᠤᠪᠳᠤ ᠠᠶᠢᠮᠠᠭ ᠲᠤ ᠠᠮᠵᠢᠯᠲᠠᠲᠠᠶ ᠦᠷᠭᠦᠯᠵᠢᠯᠡᠵᠦ ᠪᠠᠶᠢᠨ᠎ᠡ᠃  ᠲᠡᠮᠡᠴᠡᠭᠡᠨ ᠳᠤ ᠮᠣᠩᠭᠤᠯ ᠤᠯᠤᠰ ᠢᠶᠠᠨ ᠲᠥᠯᠥᠭᠡᠯᠡᠨ ᠣᠯᠠᠨ ᠤᠯᠤᠰ ᠤᠨ ᠳᠤᠭᠤᠢ ᠶᠢᠨ ᠰᠫᠣᠷᠲ ᠤᠨ ᠤᠷᠤᠯᠳᠤᠭᠠᠨ ᠳᠤ ᠲᠤᠭᠳᠠᠮᠠᠯ ᠣᠷᠣᠯᠴᠠᠳᠠᠭ ᠲᠤᠷᠰᠢᠯᠭ᠎ᠠ ᠲᠠᠢ ᠲᠠᠮᠢᠷᠴᠢᠳ᠂ ᠠᠽᠢᠶ᠎ᠠᠲᠢᠪ ᠦᠨ ᠠᠪᠤᠷᠭᠤ ᠨᠤᠭᠤᠳ᠂ ᠣᠯᠠᠨ ᠤᠯᠤᠰ ᠤᠨ ᠬᠡᠮᠵᠢᠶᠡᠨ ᠤ ᠮᠠᠰᠲ᠋ᠧᠷ ᠤᠳ᠂ ᠪᠠᠭᠰᠢ ᠳᠠᠰᠬᠠᠯᠵᠢᠭᠤᠯᠤᠭᠴᠢ᠂ ᠰᠢᠭᠦᠭᠴᠢᠳ ᠭᠡᠳ 10 ᠪᠠᠭ 50 ᠭᠠᠷᠦᠢ ᠬᠥᠮᠥᠨ ᠤ ᠪᠦᠷᠢᠯᠳᠦᠬᠦᠨ ᠲᠠᠢ ᠪᠠᠷ ᠣᠷᠣᠯᠴᠠᠵᠤ᠂ ᠬᠤᠷᠳᠤ ᠬᠦᠴᠦ᠂ ᠠᠪᠬᠠᠯᠵᠢ ᠰᠠᠮᠪᠠᠭ᠎ᠠ ᠪᠠᠨ ᠰᠣᠷᠢᠨ ᠥᠷᠢᠰᠦᠯᠳᠦᠵᠦ ᠪᠠᠶᠢᠨ᠎ᠡ᠃
ᠲᠡᠮᠡᠴᠡᠭᠡᠨ ᠤ ᠦᠶᠯᠡ ᠠᠵᠢᠯᠯᠠᠭ᠎ᠠ 9 ᠡᠳᠦᠷ ᠤᠨ ᠲᠤᠷᠰᠢ ᠬᠤᠪᠳᠤ ᠠᠶᠢᠮᠠᠭ ᠤᠨ 10 ᠣᠷᠴᠢᠮ ᠰᠤᠮᠤ ᠶᠢᠨ ᠨᠤᠲᠤᠭ ᠢᠶᠠᠷ ᠲᠣᠳᠤᠷᠬᠠᠶ ᠮᠠᠷᠱᠷᠦ᠋ᠲ ᠤᠨ ᠳᠠᠭᠠᠤ ᠶᠠᠪᠤᠭᠳᠠᠨ᠎ᠠ᠃ ᠲᠡᠮᠡᠴᠡᠭᠡᠨ ᠤ ᠦᠷ᠎ᠡ ᠳ᠋ᠦᠩ ᠳᠤ ᠮᠡᠷᠭᠡᠵᠢᠯ ᠤᠨ ᠲᠠᠮᠢᠷᠴᠢᠳ ᠢ ᠪᠡᠯᠡᠳᠬᠡᠬᠦ᠂ ᠬᠡᠦᠬᠡᠳ ᠵᠠᠯᠠᠭᠤᠴᠤᠳ ᠤᠨ ᠴᠢᠯᠦᠭᠡᠳᠦ ᠴᠠᠭ ᠢ ᠵᠥᠪ ᠪᠤᠯᠪᠡᠰᠦᠠ ᠥᠩᠭᠡᠷᠡᠭᠦᠯᠬᠦ᠂ ᠡᠷᠡᠭᠦᠯ ᠴᠢᠭᠢᠷᠠᠭ ᠵᠠᠯᠠᠭᠤ ᠦᠶ᠎ᠡ ᠶᠢ ᠲᠥᠯᠥᠪᠰᠢᠭᠦᠯᠬᠦ᠂ ᠣᠷᠣᠨ ᠨᠤᠲᠤᠭ ᠲᠤ ᠤᠨᠤᠳᠠᠭ ᠳᠤᠭᠤᠢ ᠪᠠᠷ ᠵᠤᠷᠴᠢᠬᠤ᠂  ᠠᠶᠡᠯᠡᠬᠤ ᠣᠷᠴᠢᠨ ᠨᠥᠬᠦᠴᠡᠯ ᠢ ᠰᠠᠶᠢᠵᠢᠷᠠᠭᠤᠯᠬᠤ ᠪᠣᠯᠣᠮᠵᠢ ᠪᠦᠷᠢᠳᠦᠨ᠎ᠡ ᠭᠡᠵᠦ  ᠮᠡᠷᠭᠡᠵᠢᠯᠲᠡᠳ ᠦᠵᠡᠵᠦ ᠪᠤᠶ᠃

ᠰᠡᠳᠬᠢᠭᠳᠡᠯ ᠦᠯᠡᠳᠡᠭᠡᠬᠦ