ᠬᠢᠯᠢ ᠶᠢᠨ ᠪᠣᠭᠤᠮᠲᠠ ᠳᠤ ᠢᠷᠡᠬᠦ ᠣᠨ ᠳᠤ ᠲᠦᠯᠬᠢᠭᠦᠦ ᠬᠥᠷᠥᠩᠭᠡ ᠣᠷᠣᠭᠤᠯᠤᠨ᠎ᠠ | News.MN

ᠬᠢᠯᠢ ᠶᠢᠨ ᠪᠣᠭᠤᠮᠲᠠ ᠳᠤ ᠢᠷᠡᠬᠦ ᠣᠨ ᠳᠤ ᠲᠦᠯᠬᠢᠭᠦᠦ ᠬᠥᠷᠥᠩᠭᠡ ᠣᠷᠣᠭᠤᠯᠤᠨ᠎ᠠ

ᠵᠠᠰᠠᠭ ᠤᠨ ᠭᠠᠵᠠᠷ ᠤᠨ ᠥᠨᠥᠳᠥᠷ ᠪᠣᠯᠣᠭᠰᠠᠨ ᠡᠭᠡᠯᠵᠢᠲᠦ ᠬᠤᠷᠠᠯᠳᠤᠭᠠᠨ ᠢᠶᠠᠷ ᠬᠢᠯᠢ ᠶᠢᠨ ᠪᠣᠭᠤᠮᠲᠠ ᠨᠤᠭᠤᠳ ᠢᠶᠠᠨ ᠡᠷᠡᠮᠪᠡᠯᠡᠬᠦ᠂ ᠪᠣᠭᠤᠮᠲᠠ ᠶᠢᠨ ᠴᠢᠭᠯᠡᠯ ᠳᠤ ᠢᠷᠡᠬᠦ ᠣᠨ ᠤ ᠬᠥᠷᠥᠩᠭᠡ ᠣᠷᠤᠭᠤᠯᠤᠯᠲᠠ ᠶᠢ ᠲᠦᠯᠬᠢᠭᠦᠦ ᠣᠯᠭᠤᠬᠤ᠂ ᠪᠣᠭᠤᠮᠲᠠ ᠶᠢᠨ ᠰᠡᠷᠭᠦᠯᠲᠡ ᠶᠢᠨ ᠪᠣᠳᠣᠯᠭ᠎ᠠ ᠲᠠᠢ ᠬᠤᠯᠪᠣᠭ᠎ᠠ ᠲᠠᠢ ᠲᠥᠰᠥᠯ ᠢᠶᠠᠨ ᠡᠷᠴᠢᠮᠵᠢᠭᠦᠯᠬᠦ ᠡᠭᠦᠷᠭᠡ ᠳᠠᠭᠠᠭᠠᠯᠭᠠᠪᠤᠷᠢ ᠶᠢ ᠬᠤᠯᠪᠦᠬᠳᠡᠬᠤ ᠠᠯᠪᠠᠨ ᠤ ᠬᠢᠨ ᠳᠠᠭᠠᠨ ᠥᠭᠭᠦᠭᠰᠡᠨ ᠪᠠᠶᠢᠨ᠎ᠡ᠃ ᠡᠨᠡ ᠲᠠᠯ᠎ᠠ ᠪᠠᠷ ᠡᠳ᠋ ᠤᠨ ᠵᠠᠰᠠᠭ᠂ ᠬᠥᠭᠵᠢᠯ ᠤᠨ ᠳᠡᠳ᠋ ᠰᠠᠶᠢᠳ ᠰ᠊ · ᠨᠠᠷᠠᠨᠴᠣᠭᠲᠤ ᠮᠡᠳᠡᠭᠡᠯᠡᠬᠦ ᠳᠡᠭᠡᠨ᠄
ᠢᠷᠡᠬᠦ ᠣᠨ  ᠳᠦ ᠪᠣᠭᠤᠮᠲᠠ ᠶᠢᠨ ᠦᠨᠳᠦᠰᠦᠨ ᠪᠠᠶᠢᠭᠤᠯᠤᠮᠵᠢ᠂ ᠵᠣᠷᠴᠢᠭᠴᠢ ᠠᠴᠢᠶ᠎ᠠ ᠲᠡᠭᠡᠭᠡᠪᠦᠷᠢ ᠶᠢᠨ ᠳᠡᠳ᠋ ᠪᠦᠲᠦᠴᠡ ᠶᠢᠨ ᠬᠥᠷᠥᠩᠭᠡ ᠣᠷᠤᠭᠤᠯᠤᠯᠲᠠ ᠳᠤ ᠠᠩᠬᠠᠷᠤᠨ᠎ᠠ᠃ ᠲᠥᠰᠥᠪ ᠬᠡᠯᠡᠯᠴᠡᠬᠦ ᠠᠴᠠ ᠡᠮᠦᠨ᠎ᠡ ᠲᠣᠭᠠᠴᠠᠭ᠎ᠠ ᠰᠤᠳᠤᠯᠭ᠎ᠠ ᠪᠠᠨ ᠰᠠᠶᠢᠨ ᠬᠢᠨ᠎ᠡ᠃ ᠴᠢᠩᠭᠡᠯᠢᠭ ᠲᠡᠭᠡᠭᠡᠪᠦᠷᠢ᠂ ᠵᠢᠯᠣᠭᠤᠴᠢ ᠦᠭᠡᠢ ᠲᠡᠭᠡᠭᠡᠪᠦᠷᠢ ᠶᠢᠨ ᠭᠡᠷᠡᠭᠰᠡᠯ᠂ ᠤᠬᠠᠭᠠᠯᠢᠭ ᠤᠳᠤᠷᠢᠳᠤᠯᠭ᠎ᠠ ᠲᠠᠢ ᠰᠢᠰᠲ᠋ᠧᠮ ᠢ  ᠨᠡᠮᠡᠯᠲᠡ ᠪᠠᠶᠢᠭᠤᠯᠤᠮᠵᠢ ᠭᠡᠵᠦ ᠦᠵᠡᠳᠡᠭ᠃ ᠡᠭᠦᠨ ᠢ ᠣᠯᠠᠨ ᠤᠯᠤᠰ ᠤᠨ ᠪᠠᠶᠢᠭᠤᠯᠤᠯᠭ᠎ᠠ᠂ ᠬᠤᠪᠢ ᠶᠢᠨ ᠬᠡᠪᠰᠢᠯ ᠤᠨ ᠬᠥᠷᠥᠩᠭᠡ ᠣᠷᠤᠭᠤᠯᠤᠯᠲᠠ ᠪᠠᠷ ᠬᠡᠷᠡᠭᠵᠢᠭᠦᠯᠬᠦ ᠪᠠᠷ ᠨᠡᠷᠢᠠ ᠲᠥᠯᠦᠪᠯᠡᠭᠡ ᠭᠠᠷᠭᠠᠭᠰᠠᠨ ᠪᠠᠶᠢᠭ᠎ᠠ᠃ ᠠᠽᠢᠶ᠎ᠠ ᠶᠢᠨ ᠬᠥᠭᠵᠢᠯ ᠤᠨ ᠪᠠᠩᠬᠢ  ᠲᠠᠢ ᠪᠣᠭᠤᠮᠲᠠ ᠶᠢ ᠰᠢᠨᠡᠴᠢᠯᠡᠬᠦ ᠳᠤ ᠱᠠᠭᠠᠷᠳᠠᠯᠭ᠎ᠠ ᠲᠠᠢ 100  ᠰᠠᠶ᠎ᠠ ᠳ᠋ᠣᠯᠯᠠᠷ ᠤᠨ ᠲᠥᠰᠥᠯ ᠶᠠᠷᠢᠵᠤ ᠪᠠᠶᠢᠭ᠎ᠠ ᠭᠡᠪᠡ᠃

ᠰᠡᠳᠬᠢᠭᠳᠡᠯ ᠦᠯᠡᠳᠡᠭᠡᠬᠦ