ᠠ᠊ ·ᠭᠤᠲᠲ᠋ᠧᠷᠧᠱ᠄ ᠮᠣᠩᠭᠤᠯ  ᠤᠯᠤᠰ ᠪᠦᠰᠡ ᠨᠤᠲᠤᠭ ᠲᠤ ᠪᠠᠨ ᠡᠩᠬᠡ ᠲᠠᠶᠢᠪᠤᠩ᠂ ᠠᠶᠤᠯᠭᠦᠢ ᠪᠠᠶᠢᠳᠠᠯ ᠢ ᠬᠠᠩᠭᠠᠬᠤ ᠳᠤ ᠴᠢᠬᠤᠯᠠ ᠡᠭᠦᠷᠭᠡ ᠭᠦᠢᠴᠡᠳᠬᠡᠳᠡᠭ | News.MN

ᠠ᠊ ·ᠭᠤᠲᠲ᠋ᠧᠷᠧᠱ᠄ ᠮᠣᠩᠭᠤᠯ  ᠤᠯᠤᠰ ᠪᠦᠰᠡ ᠨᠤᠲᠤᠭ ᠲᠤ ᠪᠠᠨ ᠡᠩᠬᠡ ᠲᠠᠶᠢᠪᠤᠩ᠂ ᠠᠶᠤᠯᠭᠦᠢ ᠪᠠᠶᠢᠳᠠᠯ ᠢ ᠬᠠᠩᠭᠠᠬᠤ ᠳᠤ ᠴᠢᠬᠤᠯᠠ ᠡᠭᠦᠷᠭᠡ ᠭᠦᠢᠴᠡᠳᠬᠡᠳᠡᠭ

ᠮᠣᠩᠭᠤᠯ ᠤᠯᠤᠰ ᠤᠨ ᠶᠡᠷᠦᠩᠬᠡᠶᠢᠯᠡᠭᠴᠢ ᠤ᠊ · ᠬᠦᠷᠡᠯᠰᠦ᠋ᠬᠡ ᠶᠢᠨ ᠤᠷᠢᠯᠭ᠎ᠠ ᠪᠠᠷ  ᠨᠢᠭᠡᠳᠦᠭᠰᠡᠨ ᠦᠨᠳᠦᠰᠦᠨ ᠤ ᠪᠠᠶᠢᠭᠤᠯᠤᠯᠭ᠎ᠠ  ᠶᠢᠨ ᠶᠡᠷᠦᠩᠬᠡᠶ ᠨᠡᠷᠢᠠ ᠪᠢᠴᠢᠭ ᠤᠨ ᠳᠠᠷᠤᠭ᠎ᠠ  ᠠ᠊ ·ᠭᠤᠲᠲ᠋ᠧᠷᠧᠱ 8 ᠳ᠋ᠤᠭᠠᠷ ᠰᠠᠷ᠎ᠠ ᠶᠢᠨ 8-11  ᠤ ᠡᠳᠦᠷ ᠤᠳ ᠲᠤ ᠮᠣᠩᠭᠤᠯ ᠤᠯᠤᠰ ᠲᠤ ᠠᠯᠪᠠᠨ ᠶᠣᠰᠣᠨ ᠤ ᠠᠢᠯᠴᠢᠯᠠᠯ ᠬᠢᠪᠡ᠃ ᠲᠡᠭᠦᠨ ᠦ ᠬᠡᠯᠡᠭᠰᠡᠨ ᠦᠭᠡ ᠶᠢ ᠬᠦᠷᠭᠡᠵᠦ ᠪᠠᠢᠨ᠎ᠠ᠄
ᠭᠡᠪᠯᠡᠯ ᠮᠡᠳᠡᠭᠡᠯᠡᠯ ᠤᠨ ᠰᠠᠯᠪᠤᠷᠢ ᠶᠢᠨ ᠲᠥᠯᠦᠭᠡᠯᠡᠭᠴᠢᠳ᠂ ᠨᠤᠶᠡᠦᠠ ᠬᠠᠲᠤᠭᠲᠠᠶ ᠨᠠᠷ ᠡ ᠂ ᠳᠥᠩᠭᠡᠵᠢ ᠰᠠᠶᠢ ᠮᠢᠨᠦ ᠪᠡᠶ᠎ᠠ ᠮᠣᠩᠭᠤᠯ ᠤᠯᠤᠰ ᠤᠨ ᠭᠠᠳᠠᠭᠠᠳᠤ ᠬᠠᠷᠢᠯᠴᠠᠭᠠᠨ ᠤ ᠰᠠᠶᠢᠳ᠂ ᠡᠷᠬᠢᠮᠰᠦᠭ ᠬᠠᠲᠤᠭᠲᠠᠶ ᠪᠠᠲᠤᠮᠥ᠋ᠩᠬᠡ ᠶᠢᠨ ᠪᠠᠲᠤᠴᠡᠴᠡᠭ ᠲᠠᠢ ᠮᠠᠰᠢ ᠦᠷ᠎ᠡ ᠳ᠋ᠦᠩ ᠲᠠᠢ ᠠᠭᠤᠯᠵᠠᠯᠲᠠ ᠬᠢᠯ᠎ᠡ᠃ ᠭᠠᠳᠠᠭᠠᠳᠤ ᠬᠠᠷᠢᠯᠴᠠᠭᠠᠨ ᠤ ᠰᠠᠶᠢᠳ ᠲᠠᠨ ᠳᠤ ᠪᠤᠯᠦᠠ ᠶᠡᠷᠦᠩᠬᠡᠶᠢᠯᠡᠭᠴᠢ ᠤᠬᠤᠨ᠎ᠠ ᠶᠢᠨ ᠬᠦᠷᠡᠯᠰᠦ᠋ᠬᠡ᠂  ᠮᠣᠩᠭᠣᠯ ᠤᠨ ᠠᠷᠠᠳ ᠲᠦᠮᠡᠨ ᠳᠤ ᠪᠢᠳᠡᠨ ᠢ ᠬᠠᠯᠠᠭᠤᠨ ᠳᠣᠲᠣᠨᠣ ᠪᠠᠷ ᠬᠦᠨᠳᠦᠳᠬᠡᠨ ᠬᠦᠯᠢᠶᠡᠨ ᠠᠪᠤᠭᠰᠠᠨ ᠳᠤ ᠭᠦᠨ᠎ᠡ ᠲᠠᠯᠠᠷᠬᠠᠵᠤ ᠪᠤᠢ ᠪᠠᠨ ᠢᠯᠡᠷᠬᠡᠢᠯᠡᠶ᠎ᠡ᠃
ᠮᠣᠩᠭᠤᠯ ᠤᠯᠤᠰ  ᠨᠢᠭᠡᠳᠦᠭᠰᠡᠨ ᠦᠨᠳᠦᠰᠦᠨ ᠤ ᠪᠠᠶᠢᠭᠤᠯᠤᠯᠭ᠎ᠠ ᠳᠦ ᠪᠦᠷᠢᠠ ᠡᠷᠬᠡᠲᠦ ᠭᠡᠰᠢᠭᠦᠨ ᠢᠶᠠᠷ ᠡᠯᠰᠡᠭᠰᠡᠨ ᠤ 60 ᠵᠢᠯ ᠤᠨ ᠣᠢ ᠶᠢ ᠦᠡᠭᠭᠡᠷᠡᠭᠰᠡᠠ ᠣᠨ ᠳᠤ ᠲᠡᠮᠳᠡᠭᠯᠡᠭᠰᠡᠨ ᠪᠢᠯᠡ᠃ᠦᠡᠭᠭᠡᠷᠡᠭᠰᠡᠠ 60 ᠵᠢᠯ ᠤᠨ ᠬᠤᠭᠤᠴᠠᠭᠠᠨ ᠳᠤ ᠨᠢᠭᠡᠳᠦᠭᠰᠡᠨ ᠦᠨᠳᠦᠰᠦᠲᠡᠨ ᠤ ᠪᠠᠶᠢᠭᠤᠯᠤᠯᠭ᠎ᠠ ᠶᠢᠨ ᠦᠶᠯᠡ ᠠᠵᠢᠯᠯᠠᠭᠠᠨ ᠳᠤ ᠮᠣᠩᠭᠤᠯ ᠤᠯᠤᠰ ᠤᠨ ᠣᠷᠣᠭᠤᠯᠵᠤ ᠪᠤᠶ ᠬᠤᠪᠢ ᠤᠯᠠᠮ ᠨᠡᠮᠡᠭᠳᠡᠵᠦ ᠢᠷᠡᠭᠰᠡᠨ᠃
ᠮᠣᠩᠭᠤᠯ  ᠤᠯᠤᠰ  ᠨᠢᠭᠡᠳᠦᠭᠰᠡᠨ ᠦᠨᠳᠦᠰᠦᠨ ᠤ ᠪᠠᠶᠢᠭᠤᠯᠤᠯᠭ᠎ᠠ  ᠶᠢᠨ ᠡᠩᠬᠡ ᠶᠢ ᠰᠠᠬᠢᠭᠤᠯᠬᠤ ᠠᠵᠢᠯᠯᠠᠭᠠᠨ ᠳᠤ ᠣᠷᠣᠯᠴᠠᠵᠤ ᠡᠬᠢᠯᠡᠭᠰᠡᠨ ᠤ 20 ᠵᠢᠯ ᠤᠨ ᠣᠶ ᠡᠨᠡ ᠣᠨ ᠳᠤ ᠲᠣᠬᠢᠶᠠᠵᠤ ᠪᠠᠶᠢᠨ᠎ᠡ᠃ ᠮᠣᠩᠭᠤᠯ ᠤᠯᠤᠰ ᠤᠨ ᠨᠡᠶᠢᠲᠡ ᠡᠩᠬᠡ ᠶᠢ  ᠰᠠᠬᠢᠭᠤᠯᠤᠭᠴᠢᠳ ᠲᠤ  ᠨᠢᠭᠡᠳᠦᠭᠰᠡᠨ ᠦᠨᠳᠦᠰᠦᠨ ᠤ ᠪᠠᠶᠢᠭᠤᠯᠤᠯᠭ᠎ᠠ  ᠶᠢᠨ ᠡᠩᠬᠡ ᠶᠢ ᠰᠠᠬᠢᠭᠤᠯᠬᠤ ᠠᠵᠢᠯᠯᠠᠭᠠᠨ ᠤ ᠬᠠᠮᠤᠬ ᠤᠨ  ᠬᠦᠨᠳᠦ ᠬᠡᠴᠡᠭᠦᠤ ᠲᠠᠯᠠᠪᠤᠷ ᠲᠤ ᠡᠭᠦᠷᠭᠡ ᠭᠦᠢᠴᠡᠳᠬᠡᠭᠰᠡᠨ ᠳᠤ ᠲᠠᠯᠠᠷᠬᠠᠯ ᠢᠯᠡᠷᠬᠡᠢᠯᠡᠶ᠎ᠡ᠃ ᠳᠠᠶᠢᠨ ᠤ ᠬᠥᠯ ᠳᠤ ᠨᠡᠷᠪᠡᠭᠳᠡᠭᠰᠡᠨ ᠤᠯᠤᠰ ᠣᠷᠣᠨ ᠨᠤᠭᠤᠳ ᠲᠤ ᠡᠩᠬᠡ ᠲᠠᠶᠢᠪᠤᠩ᠂ ᠲᠣᠭᠲᠠᠪᠤᠷᠢᠲᠠᠶ ᠪᠠᠶᠢᠳᠠᠯ ᠢ ᠳᠡᠮᠵᠢᠨ ᠪᠠᠬᠢᠵᠢᠭᠦᠯᠬᠦ ᠶᠢᠨ ᠲᠥᠯᠥᠭᠡ ᠬᠢᠴᠢᠶᠡᠨ ᠵᠢᠳᠬᠦᠵᠦ᠂ ᠮᠡᠷᠭᠡᠵᠢᠯ ᠤᠨ ᠥᠨᠳᠦᠷ ᠤᠷ᠎ᠠ ᠴᠢᠳᠡᠪᠦᠷᠢ ᠬᠠᠷᠠᠭᠤᠯᠤᠨ᠂ ᠬᠦᠯᠢᠶᠡᠭᠰᠡᠨ ᠡᠭᠦᠷᠭᠡ ᠪᠠᠨ ᠪᠡᠶᠡᠯᠡᠭᠦᠯᠵᠦ ᠪᠠᠢᠭ᠎ᠠ ᠳᠤ ᠨᠢ ᠪᠢᠳᠡ ᠭᠦᠨ᠎ᠡ ᠲᠠᠯᠠᠷᠬᠠᠵᠤ ᠪᠠᠶᠢᠨ᠎ᠡ᠃
︽ᠡᠮᠡᠭᠲᠡᠶᠢᠴᠦᠳ᠂ ᠡᠩᠬᠡ ᠲᠠᠶᠢᠪᠤᠩ ᠪᠠ ᠠᠶᠤᠯᠭᠦᠢ ᠪᠠᠶᠢᠳᠠᠯ︾ ᠰᠠᠨᠠᠭᠠᠴᠢᠯᠠᠭ᠎ᠠ ᠶᠢ ᠬᠡᠷᠡᠭᠵᠢᠭᠦᠯᠬᠦ ᠳᠤ ᠮᠣᠩᠭᠤᠯ  ᠤᠯᠤᠰ ᠲᠡᠷᠢᠭᠦᠯᠡᠬᠦ ᠡᠭᠦᠷᠭᠡ ᠲᠠᠢ ᠣᠷᠣᠯᠴᠠᠵᠤ ᠪᠤᠢ ᠳᠤ ᠪᠢ ᠨᠡᠩ ᠲᠠᠯᠠᠷᠬᠠᠵᠤ ᠪᠠᠶᠢᠨ᠎ᠡ᠃ ᠮᠣᠩᠭᠤᠯ ᠤᠯᠤᠰ ᠡᠩᠬᠡ ᠶᠢ ᠰᠠᠬᠢᠭᠤᠯᠤᠭᠴᠢ ᠡᠮᠡᠭᠲᠡᠶᠢᠴᠦᠳ ᠤᠨ ᠲᠤᠭ᠎ᠠ ᠶᠢ ᠨᠡᠮᠡᠭᠳᠡᠭᠦᠯᠬᠦ ᠳᠤ ᠰᠠᠨᠠᠭᠠᠴᠢᠯᠠᠭ᠎ᠠ ᠭᠠᠷᠭᠠᠨ ᠠᠵᠢᠯᠯᠠᠵᠤ ᠪᠠᠶᠢᠭ᠎ᠠ ᠶᠢᠨ ᠵᠡᠷᠭᠡᠴᠡᠭᠡ ᠡᠨᠡ ᠣᠨ ᠤ 6 ᠳ᠋ᠤᠭᠠᠷ ᠰᠠᠷ᠎ᠠ ᠳᠤ ᠤᠯᠠᠭᠠᠨᠪᠠᠭᠠᠲᠤᠷ ᠬᠤᠲᠠᠨ᠎ᠠ ᠡᠩᠬᠡ ᠶᠢ ᠰᠠᠬᠢᠭᠤᠯᠬᠤ ᠠᠵᠢᠯᠯᠠᠭᠠᠨ ᠳᠤ ᠣᠷᠣᠯᠴᠠᠵᠤ ᠪᠤᠶ ᠡᠮᠡᠭᠲᠡᠶᠢᠴᠦᠳ ᠤᠨ ᠠᠰᠠᠭᠤᠳᠠᠯ ᠢᠶᠠᠷ ᠣᠯᠠᠨ ᠤᠯᠤᠰ ᠤᠨ ᠬᠤᠷᠠᠯ ᠢ ᠵᠣᠬᠢᠶᠠᠨ ᠪᠠᠶᠢᠭᠤᠯᠤᠭᠰᠠᠨ ᠪᠢᠯᠡ᠃ ᠡᠨᠡ ᠨᠢ ᠳᠡᠯᠡᠬᠡᠢ ᠨᠡᠶᠢᠲᠡ ᠶᠢᠨ ᠬᠠᠮᠲᠤ ᠶᠢᠨ ᠵᠣᠷᠢᠯᠲᠠ ᠪᠣᠯᠬᠤ  ᠬᠦᠢᠰᠤ ᠶᠢᠨ ᠲᠡᠭᠰᠢ ᠪᠠᠶᠢᠳᠠᠯ ᠢ ᠬᠠᠩᠭᠠᠬᠤ ᠶᠠᠪᠤᠳᠠᠯ ᠳᠤ ᠮᠣᠩᠭᠤᠯ ᠤᠯᠤᠰ ᠤᠨ ᠣᠷᠣᠭᠤᠯᠵᠤ ᠪᠤᠶ ᠬᠤᠪᠢ ᠨᠡᠮᠡᠷᠢ᠂ ᠮᠠᠩᠯᠠᠶᠢᠯᠠᠯ᠂ ᠡᠪ ᠰᠠᠨᠠᠭᠠᠨ ᠤ ᠨᠢᠭᠡᠳᠦᠯ᠂  ᠲᠤᠤᠱᠲᠠᠢ ᠬᠦᠴᠦ ᠴᠢᠷᠮᠠᠶᠢᠯᠲᠠ ᠶᠢᠨ ᠢᠯᠡᠷᠡᠯ ᠶᠤᠮ᠃
ᠣᠯᠠᠨ ᠲᠠᠯᠠᠲᠤ ᠮᠧᠬᠠᠨᠢᠰᠮ ᠳᠤ ᠮᠣᠩᠭᠤᠯ ᠤᠯᠤᠰ ᠤᠨ ᠦᠵᠡᠭᠦᠯᠵᠦ ᠪᠤᠶ ᠳᠡᠮᠵᠢᠯᠭᠡ ᠨᠢ  ᠨᠢᠭᠡᠳᠦᠭᠰᠡᠨ ᠦᠨᠳᠦᠰᠦᠨ ᠤ ᠪᠠᠶᠢᠭᠤᠯᠤᠯᠭ᠎ᠠ  ᠶᠢᠨ ᠡᠩᠬᠡ ᠶᠢ ᠰᠠᠬᠢᠭᠤᠯᠬᠤ ᠦᠢᠯᠡᠰ ᠲᠤ ᠣᠷᠣᠭᠤᠯᠵᠤ ᠪᠤᠶ ᠬᠤᠪᠢ  ᠨᠡᠮᠡᠷᠢ ᠪᠠᠷ ᠬᠢᠵᠠᠭᠠᠷᠯᠠᠭᠳᠠᠬᠤ ᠦᠭᠡᠢ ᠶᠤᠮ᠃ ᠮᠣᠩᠭᠤᠯ  ᠤᠯᠤᠰ ᠨᠤᠳᠤᠬ ᠳᠡᠪᠢᠰᠬᠡᠷ ᠢᠶᠠᠨ ᠴᠥᠮ᠎ᠡ ᠶᠢᠨ ᠵᠡᠪᠰᠡᠭ ᠦᠭᠡᠢ ᠪᠦᠰᠡ ᠬᠡᠮᠡᠨ ᠵᠠᠷᠯᠠᠭᠰᠠᠨ ᠢᠶᠠᠷ ᠴᠥᠮ᠎ᠡ ᠶᠢᠨ ᠵᠡᠪᠰᠡᠭ ᠢ ᠦᠯᠦ ᠳᠡᠯᠭᠡᠷᠡᠭᠦᠯᠬᠦ᠂ ᠵᠡᠪᠰᠡᠭ ᠬᠤᠷᠢᠶᠡᠬᠤ ᠪᠣᠳᠤᠯᠭ᠎ᠠ ᠪᠠᠷᠢᠮᠲᠠᠯᠠᠵᠤ ᠪᠤᠢ ᠪᠠᠨ ᠣᠯᠠᠨ ᠤᠯᠤᠰ ᠤᠨ ᠬᠠᠮᠲᠤ ᠶᠢᠨ ᠨᠡᠶᠢᠭᠡᠮᠯᠢᠭ ᠲᠤ ᠬᠠᠷᠠᠭᠤᠯᠤᠭᠰᠠᠨ᠃ ᠡᠬᠡ ᠳᠡᠯᠡᠬᠡᠢ ᠶᠢ ᠴᠥᠮ᠎ᠡ ᠶᠢᠨ ᠵᠡᠪᠰᠡᠭ ᠠᠴᠠ ᠠᠩᠭᠢᠳᠠ ᠪᠣᠯᠭᠠᠬᠤ ᠶᠢᠨ ᠲᠤᠯᠠᠳᠠ ᠪᠤᠰᠤᠳ ᠤᠯᠤᠰ ᠴᠤ ᠮᠣᠩᠭᠤᠯ ᠤᠯᠤᠰ ᠢ ᠦᠯᠢᠭᠡᠷᠯᠡᠨ ᠳᠠᠭᠤᠷᠢᠶᠠᠨ᠎ᠠ ᠭᠡᠳᠡᠭ ᠲᠤ ᠪᠢ ᠨᠠᠶᠢᠳᠠᠵᠤ ᠪᠠᠶᠢᠨ᠎ᠡ᠃ ᠮᠣᠩᠭᠤᠯ ᠤᠯᠤᠰ ᠪᠦᠰᠡ ᠨᠤᠲᠤᠭ ᠲᠤ ᠪᠠᠨ ᠡᠩᠬᠡ ᠲᠠᠶᠢᠪᠤᠩ᠂ ᠠᠶᠤᠯ ᠦᠭᠡᠶ ᠪᠠᠶᠢᠳᠠᠯ ᠢ ᠬᠠᠩᠭᠠᠬᠤ ᠳᠤ ᠴᠢᠬᠤᠯᠠ ᠡᠭᠦᠷᠭᠡ ᠭᠦᠢᠴᠡᠳᠬᠡᠳᠡᠭ᠃ ᠵᠡᠭᠦᠨ ᠬᠤᠶᠢᠳᠤ ᠠᠽᠢᠶ᠎ᠠ ᠶᠢᠨ  ᠠᠶᠤᠯᠭᠦᠢ ᠪᠠᠶᠢᠳᠠᠯ ᠤᠨ ᠠᠰᠠᠭᠤᠳᠠᠯ ᠤᠨ ︽ᠤᠯᠠᠭᠠᠨᠪᠠᠭᠠᠲᠤᠷ ᠤᠨ ᠶᠠᠷᠢᠶ᠎ᠠ ᠬᠡᠯᠡᠯᠴᠡᠭᠡ︾ ᠰᠠᠨᠠᠭᠠᠴᠢᠯᠠᠭ᠎ᠠ ᠭᠠᠷᠭᠠᠭᠰᠠᠨ ᠨᠢ ᠡᠭᠦᠨ ᠤ ᠲᠤᠳᠦ ᠵᠢᠱᠢᠶ᠎ᠡ ᠶᠤᠮ᠃
ᠵᠠᠯᠠᠭᠤᠴᠤᠳ ᠤᠨ ᠣᠷᠣᠯᠴᠠᠭ᠎ᠠ ᠶᠢ ᠨᠡᠮᠡᠭᠳᠡᠭᠦᠯᠬᠦ ᠨᠢ︽ᠪᠢᠳᠡᠨ ᠤ ᠨᠡᠶᠢᠲᠡᠯᠢᠭ ᠵᠣᠷᠢᠯᠭ᠎ᠠ︾ᠢᠯᠡᠳᠬᠡᠯ ᠳᠤ ᠮᠢᠨᠦ ᠲᠤᠰᠬᠠᠭᠰᠠᠨ ᠲᠡᠷᠢᠭᠦᠯᠡᠬᠦ ᠵᠣᠷᠢᠯᠲᠠ ᠨᠤᠭᠤᠳ ᠤᠨ ᠨᠢᠭᠡ ᠮᠦᠠ᠃  ᠡᠨᠡ ᠬᠦ ᠶᠠᠷᠢᠶ᠎ᠠ ᠬᠡᠯᠡᠯᠴᠡᠭᠡᠨ ᠳᠤ ᠵᠠᠯᠠᠭᠤᠴᠤᠳ ᠤᠨ ᠳᠠᠭᠤᠤ ᠬᠤᠭᠤᠯᠠᠢ ᠶᠢ ᠣᠷᠤᠯᠴᠠᠭᠤᠯᠤᠭᠰᠠᠨ ᠨᠢ ᠨᠠᠳᠠ ᠳᠤ ᠤᠷᠮ᠎ᠠ ᠵᠤᠷᠢᠭ ᠥᠭᠴᠦ ᠪᠠᠶᠢᠨ᠎ᠡ᠃
ᠣᠯᠠᠨ ᠲᠠᠯᠠᠲᠤ ᠮᠧᠬᠠᠨᠢᠰᠮ ᠳᠤ ᠮᠣᠩᠭᠤᠯ ᠤᠯᠤᠰ ᠤᠨ ᠣᠷᠣᠭᠤᠯᠵᠤ ᠪᠤᠶ ᠬᠤᠪᠢ ᠨᠡᠮᠡᠷᠢ ᠨᠢ ᠬᠥᠭᠵᠢᠯ ᠤᠨ ᠰᠠᠯᠪᠤᠷᠢ᠂ ᠲᠣᠭᠲᠠᠪᠤᠷᠢᠲᠠᠶ ᠬᠥᠭᠵᠢᠯ ᠤᠨ ᠵᠤᠷᠢᠯᠲᠠ ᠨᠤᠭᠤᠳ ᠢ ᠪᠡᠶᠡᠯᠡᠭᠦᠯᠬᠦ ᠬᠦᠷᠢᠶ᠎ᠡ ᠶᠢ ᠴᠤ ᠬᠠᠮᠤᠷᠴᠤ ᠪᠠᠶᠢᠨ᠎ᠡ᠃
ᠮᠣᠩᠭᠤᠯ ᠤᠯᠤᠰ ᠳᠠᠯᠠᠢ ᠳᠤ ᠭᠠᠷᠴᠠ ᠦᠭᠡᠢ ᠬᠥᠭᠵᠢᠵᠦ ᠪᠤᠶ ᠣᠷᠣᠨ ᠨᠤᠭᠤᠳ ᠤᠨ ᠪᠦᠯᠦᠭ ᠢ 1994 ᠣᠨ ᠳᠤ ᠡᠭᠦᠰᠬᠡᠨ ᠪᠠᠶᠢᠭᠤᠯᠬᠤ ᠳᠤ ᠮᠠᠩᠯᠠᠶᠢᠯᠠᠨ ᠣᠷᠣᠯᠴᠠᠭᠰᠠᠨ ᠪᠢᠯᠡ᠃ ᠤᠯᠠᠮ ᠢᠶᠠᠷ ᠳᠠᠯᠠᠢ ᠳᠤ ᠭᠠᠷᠴᠠ ᠦᠭᠡᠢ ᠬᠥᠭᠵᠢᠵᠦ ᠪᠤᠶ ᠣᠷᠣᠨ ᠨᠤᠭᠤᠳ ᠤᠨ ᠣᠯᠠᠨ ᠤᠯᠤᠰ ᠤᠨ ᠰᠤᠳᠤᠯᠭᠠᠨ ᠤ ᠲᠥᠪ ᠢ 13 ᠵᠢᠯ ᠤᠨ ᠡᠮᠦᠨ᠎ᠡ ᠤᠯᠠᠭᠠᠨᠪᠠᠭᠠᠲᠤᠷ ᠲᠤ ᠪᠠᠶᠢᠭᠤᠯᠤᠭᠰᠠᠨ᠃ ᠳᠠᠯᠠᠢ ᠳᠤ ᠭᠠᠷᠴᠠ ᠦᠭᠡᠢ ᠬᠥᠭᠵᠢᠵᠦ ᠪᠤᠶ ᠣᠷᠣᠨ ᠤ ᠬᠤᠪᠢ ᠳᠤ ᠮᠣᠩᠭᠤᠯ  ᠤᠯᠤᠰ ᠨᠢ ᠬᠤᠳᠠᠯᠳᠤᠭ᠎ᠠ᠂ ᠲᠡᠭᠡᠭᠡᠪᠦᠷᠢ᠂ ᠬᠤᠯᠪᠣᠯᠲᠠ ᠶᠢᠨ ᠣᠯᠠᠨ ᠪᠡᠷᠬᠡᠰᠢᠶᠡᠯ ᠲᠡᠢ ᠲᠤᠯᠭᠠᠷᠠᠵᠤ ᠪᠠᠶᠢᠨ᠎ᠡ᠃  ᠡᠳᠡᠭᠡᠷ ᠰᠣᠷᠢᠯᠲᠠ ᠨᠢ COVID – 19 ᠴᠠᠷ᠎ᠠ ᠲᠠᠬᠤᠯ᠂ ᠦᠻᠷᠠᠶᠢᠨ ᠳᠠᠬᠢ ᠳᠠᠶᠢᠨ᠂ ᠤᠯᠠᠮ ᠪᠦᠷᠢ ᠨᠡᠮᠡᠭᠳᠡᠵᠦ ᠪᠤᠶ ᠠᠭᠤᠷ ᠠᠮᠢᠰᠬᠤᠯ ᠤᠨ ᠥᠭᠡᠷᠡᠴᠢᠯᠡᠯᠲᠡ ᠶᠢᠨ ᠤᠯᠠᠮ ᠠᠴᠠ ᠤᠯᠠᠮ ᠬᠦᠨᠳᠦᠷᠡᠵᠦ ᠪᠠᠶᠢᠨ᠎ᠡ᠃ ᠮᠣᠩᠭᠤᠯ ᠤᠯᠤᠰ ᠤᠨ ᠬᠦᠨᠡᠰᠦᠨ ᠤ ᠠᠶᠤᠯᠭᠦᠢ ᠪᠠᠶᠢᠳᠠᠯ ᠳᠤ ᠣᠯᠠᠨ ᠵᠢᠯ ᠤᠨ ᠭᠠᠩ ᠭᠠᠴᠢᠬ ᠨᠢ ᠨᠥᠯᠥᠭᠡᠯᠡᠵᠦ᠂ ᠨᠡᠶᠢᠲᠡ ᠭᠠᠵᠠᠷ ᠨᠤᠲᠤᠭ ᠤᠨ ᠬᠢᠨᠢ 77 ᠣᠷᠴᠢᠮ ᠬᠤᠪᠢ  ᠴᠦᠯᠵᠢᠯᠲᠡ ᠳᠤ  ᠨᠡᠷᠪᠡᠭᠳᠡᠵᠡᠢ᠃ ᠮᠣᠩᠭᠤᠯ ᠤᠯᠤᠰ ᠤᠨ ᠵᠠᠰᠠᠭ ᠤᠨ ᠭᠠᠵᠠᠷ ᠡᠳᠡᠭᠡᠷ ᠰᠣᠷᠢᠯᠲᠠ ᠶᠢ ᠳᠠᠪᠠᠨ ᠲᠤᠭᠤᠯᠬᠤ ᠶᠢᠨ ᠲᠤᠯᠠᠳᠠ ᠠᠭᠤᠷ ᠠᠮᠢᠰᠬᠤᠯ ᠤᠨ ᠥᠭᠡᠷᠡᠴᠢᠯᠡᠯᠲᠡ᠂ ᠴᠥᠯᠵᠢᠯᠲᠡ ᠲᠠᠢ ᠲᠡᠮᠡᠴᠡᠬᠦ ᠶᠢᠨ ᠲᠥᠯᠥᠭᠡ ᠴᠢᠷᠮᠠᠶᠢᠨ ᠠᠵᠢᠯᠯᠠᠵᠤ᠂ ᠡᠨᠡ ᠬᠦᠷᠢᠶᠡᠨ ᠳᠤ ︽ᠨᠢᠭᠡ ᠲᠡᠷᠪᠤᠮ ᠮᠣᠳᠤ︾ ᠵᠡᠷᠭᠡ ᠰᠠᠨᠠᠭᠠᠴᠢᠯᠠᠭ᠎ᠠ ᠶᠢ ᠬᠡᠷᠡᠭᠵᠢᠭᠦᠯᠵᠦ ᠪᠠᠶᠢᠨ᠎ᠡ᠃ ᠪᠠᠶᠢᠭᠠᠯᠢ ᠶᠢᠨ ᠨᠥᠭᠡᠴᠡ ᠶᠢᠨ ᠲᠣᠭᠲᠠᠪᠤᠷᠢᠲᠠᠶ ᠮᠧᠨᠧᠵᠮᠧᠨ᠋ᠲ ᠢ ᠬᠡᠷᠡᠭᠵᠢᠭᠦᠯᠬᠦ ᠵᠠᠮ ᠢᠶᠠᠷ ᠠᠭᠤᠷ ᠠᠮᠢᠰᠬᠤᠯ ᠤᠨ ᠥᠭᠡᠷᠡᠴᠢᠯᠡᠯᠲᠡ ᠳᠤ ᠳᠠᠰᠤᠨ ᠵᠣᠬᠢᠴᠠᠭᠤᠯᠬᠤ ᠳᠤ ᠮᠣᠩᠭᠤᠯ ᠤᠯᠤᠰ ᠤᠨ ᠵᠢᠱᠢᠶ᠎ᠡ ᠶᠢ ᠪᠢᠳᠡ ᠰᠠᠶᠢᠰᠢᠶᠠᠵᠤ ᠪᠠᠶᠢᠨ᠎ᠡ᠃
ᠮᠣᠩᠭᠤᠯ ᠤᠯᠤᠰ ᠥᠪᠡᠷ ᠢ ᠪᠠᠨ ᠲᠡᠳᠦᠢ ᠦᠭᠡᠢ᠂ ᠪᠤᠰᠤᠳ ᠤᠯᠤᠰ ᠢ ᠬᠠᠩᠭᠠᠬᠤᠢᠴᠠ ᠰᠡᠷᠭᠦᠭᠡᠭᠳᠡᠬᠦ ᠡᠷᠴᠢᠮ ᠬᠦᠴᠦᠨ ᠤ ᠶᠡᠭᠡ ᠨᠥᠭᠡᠴᠡ ᠲᠠᠢ  ᠲᠤᠯᠠ ᠰᠡᠷᠭᠦᠭᠡᠭᠳᠡᠬᠦ ᠡᠷᠴᠢᠮ ᠬᠦᠴᠦᠨ ᠤ ᠰᠠᠯᠪᠤᠷᠢ ᠳᠤ ᠲᠡᠷᠢᠭᠦᠯᠡᠭᠴᠢ ᠪᠣᠯᠬᠤ ᠪᠣᠯᠣᠮᠵᠢ ᠲᠠᠢ᠃  ᠮᠣᠩᠭᠤᠯ ᠤᠯᠤᠰ ᠡᠷᠴᠢᠮ ᠬᠦᠴᠦᠨ ᠤ ᠠᠶᠤᠯᠭᠦᠢ ᠪᠠᠶᠢᠳᠠᠯ ᠢ ᠬᠠᠩᠭᠠᠬᠤ ᠶᠢᠨ ᠵᠡᠷᠭᠡᠴᠡᠭᠡ ᠡᠳ᠋ ᠤᠨ ᠵᠠᠰᠠᠭ ᠤᠨ ᠪᠣᠯᠣᠮᠵᠢ ᠨᠤᠭᠤᠳ ᠢ ᠪᠤᠢ ᠪᠣᠯᠭᠠᠵᠤ ᠴᠢᠳᠠᠨ᠎ᠠ ᠭᠡᠵᠦ ᠪᠢ ᠦᠵᠡᠵᠦ ᠪᠠᠶᠢᠨ᠎ᠡ᠃ ᠮᠦᠠ ᠮᠣᠩᠭᠤᠯ  ᠤᠯᠤᠰ ᠰᠡᠷᠭᠦᠭᠡᠭᠳᠡᠬᠦ ᠡᠷᠴᠢᠮ ᠬᠦᠴᠦᠨ ᠤ  ᠬᠠᠩᠭᠠᠮᠵᠢ ᠶᠢᠨ ᠰᠦᠯᠵᠢᠶᠡᠨ ᠳᠤ ᠵᠡᠰ ᠤᠨ ᠨᠥᠭᠡᠴᠡ ᠪᠠᠷ ᠢᠶᠠᠨ ᠲᠣᠮᠤᠬᠠᠨ ᠲᠣᠭᠯᠠᠭᠴᠢ ᠪᠣᠯᠬᠤ ᠪᠣᠯᠣᠮᠵᠢ ᠲᠠᠢ ᠶᠤᠮ᠃
ᠳᠠᠯᠠᠢ ᠳᠤ ᠭᠠᠷᠴᠠ ᠦᠭᠡᠢ ᠬᠡᠳᠦᠶ ᠴᠤ ᠮᠣᠩᠭᠤᠯ ᠤᠯᠤᠰ ᠤᠨ ᠶᠠᠷᠢᠶ᠎ᠠ ᠬᠡᠯᠡᠯᠴᠡᠭᠡ᠂ ᠬᠠᠮᠲᠤ ᠶᠢᠨ ᠠᠵᠢᠯᠯᠠᠭ᠎ᠠ ᠶᠢ ᠴᠢᠬᠤᠯᠠᠴᠢᠯᠠᠭᠰᠠᠨ ᠪᠦᠲᠦᠭᠡᠯᠴᠢ ᠭᠠᠳᠠᠭᠠᠳᠤ ᠪᠣᠳᠤᠯᠭ᠎ᠠ ᠨᠢ ᠤᠯᠤᠰ ᠣᠷᠣᠨ ᠨᠤᠭᠤᠳ ᠤᠨ ᠬᠤᠭᠤᠷᠦᠡᠳᠦ ᠭᠦᠦᠷ ᠪᠣᠯᠵᠤ᠂ ᠲᠣᠭᠲᠠᠪᠤᠷᠢᠲᠠᠶ ᠬᠥᠭᠵᠢᠯ ᠢ ᠤᠷᠤᠭᠰᠢᠯᠠᠭᠤᠯᠬᠤ  ᠳᠤ ᠳᠡᠮᠵᠢᠯᠭᠡ ᠪᠣᠯᠵᠤ ᠪᠠᠶᠢᠨ᠎ᠡ᠃
ᠮᠣᠩᠭᠤᠯ ᠤᠯᠤᠰ ᠰᠡᠭᠦᠯ ᠤᠨ ᠵᠢᠯ ᠤᠳ ᠲᠤ ᠭᠠᠶᠢᠬᠠᠯᠲᠠᠢ ᠰᠢᠯᠵᠢᠯᠲᠡ ᠶᠢ ᠬᠢᠵᠦ ᠴᠢᠳᠠᠭᠰᠠᠨ᠃ ᠮᠣᠩᠭᠤᠯ ᠤᠯᠤᠰ ᠤᠨ ᠤᠳᠤᠷᠢᠳᠤᠭᠴᠢᠳ ᠪᠦᠬᠦ ᠠᠷᠠᠳ ᠢᠷᠭᠡᠳ ᠤᠨ ᠢᠶᠠᠨ ᠥᠨᠢ ᠤᠳᠠᠭᠠᠨ ᠬᠥᠭᠵᠢᠯ ᠳᠡᠪᠰᠢᠯ ᠤᠨ ᠲᠥᠯᠥᠭᠡ ᠴᠢᠨᠠᠭᠰᠢᠳᠠ ᠠᠷᠠᠳᠴᠢᠯᠠᠯ ᠢ ᠪᠠᠬᠢᠵᠢᠭᠦᠯᠵᠦ᠂ ᠬᠥᠮᠥᠨ ᠤ ᠡᠷᠬᠡ ᠶᠢ ᠳᠡᠭᠡᠳᠦᠯᠡᠨ ᠬᠠᠮᠠᠭᠠᠯᠠᠨ᠎ᠠ ᠭᠡᠳᠡᠭ ᠲᠤ ᠪᠢ ᠢᠲᠡᠭᠡᠵᠦ ᠪᠠᠶᠢᠨ᠎ᠡ᠃
ᠨᠢᠭᠡᠳᠦᠭᠰᠡᠨ ᠦᠨᠳᠦᠰᠦᠨ ᠤ ᠪᠠᠶᠢᠭᠤᠯᠤᠯᠭ᠎ᠠ  ᠶᠢᠨ ᠦᠶᠯᠡ ᠠᠵᠢᠯᠯᠠᠭᠠᠨ ᠳᠤ ᠬᠤᠪᠢ ᠨᠡᠮᠡᠷᠢ ᠣᠷᠣᠭᠤᠯᠵᠤ ᠢᠷᠡᠭᠰᠡᠨ ᠳᠤ ᠮᠣᠩᠭᠤᠯ ᠤᠯᠤᠰ ᠲᠤ ᠲᠠᠯᠠᠷᠬᠠᠯ ᠢᠯᠡᠷᠬᠡᠶᠢᠯᠡᠬᠦ ᠶᠢᠨ ᠰᠠᠴᠠᠭᠤ ᠡᠩᠬᠡ ᠲᠠᠶᠢᠪᠤᠩ᠂ ᠬᠥᠮᠥᠨ ᠤ ᠡᠷᠭᠡ᠂ ᠲᠣᠭᠲᠠᠪᠤᠷᠢᠲᠠᠶ ᠬᠥᠭᠵᠢᠯ ᠤᠨ ᠠᠰᠠᠭᠤᠳᠠᠯ ᠤᠳ ᠤᠨ ᠬᠦᠷᠢᠶᠡᠨ ᠳᠤ ᠲᠠᠨ ᠤ ᠤᠯᠤᠰ ᠲᠤ ᠪᠢᠳᠡᠨ ᠤ ᠦᠵᠡᠭᠦᠯᠬᠦ ᠳᠡᠮᠵᠢᠯᠭᠡ ᠳᠤ ᠴᠢᠨᠠᠭᠰᠢᠳᠠ ᠴᠤ ᠨᠠᠶᠢᠳᠠᠵᠤ ᠪᠣᠯᠤᠨ᠎ᠠ ᠭᠡᠳᠡᠭ ᠢ ᠢᠯᠡᠷᠬᠡᠶᠢᠯᠡᠵᠦ ᠪᠠᠶᠢᠨ᠎ᠡ᠃

ᠰᠡᠳᠬᠢᠭᠳᠡᠯ ᠦᠯᠡᠳᠡᠭᠡᠬᠦ