ᠪᠷᠢᠲ᠋ᠠᠨ ᠤ ᠡᠯᠴᠢᠨ ᠰᠠᠶᠢᠳ ᠮᠤᠷᠢᠨ ᠰᠫᠣᠷᠲ ᠢ ᠬᠥᠭᠵᠢᠭᠦᠯᠬᠦ ᠳᠤ ᠳᠡᠮᠵᠢᠯᠭᠡ ᠦᠵᠡᠭᠦᠯᠦᠨ᠎ᠡ | News.MN

ᠪᠷᠢᠲ᠋ᠠᠨ ᠤ ᠡᠯᠴᠢᠨ ᠰᠠᠶᠢᠳ ᠮᠤᠷᠢᠨ ᠰᠫᠣᠷᠲ ᠢ ᠬᠥᠭᠵᠢᠭᠦᠯᠬᠦ ᠳᠤ ᠳᠡᠮᠵᠢᠯᠭᠡ ᠦᠵᠡᠭᠦᠯᠦᠨ᠎ᠡ

ᠣᠯᠠᠨ ᠤᠯᠤᠰ ᠤᠨ ᠤᠯᠢᠮᠫᠢᠺ ᠤᠨ ᠬᠤᠷᠢᠶᠠᠨ ᠤ ᠭᠡᠰᠢᠭᠦᠨ᠂ ᠮᠤᠩᠭᠤᠯ ᠤᠨ ᠦᠨᠳᠦᠰᠦᠨ ᠦ ᠤᠯᠢᠮᠫᠢᠺ ᠤᠨ ᠬᠤᠷᠢᠶᠠᠨ ᠤ ᠶᠡᠷᠦᠩᠬᠡᠶᠢᠯᠡᠭᠴᠢ ᠪ∙ᠪᠠᠲᠤᠲᠦ᠋ᠰᠢᠭ ᠥᠴᠥᠭᠡᠳᠦᠷ ᠶᠡᠭᠡ  ᠪᠷᠢᠲ᠋ᠠᠨ ᠤ ᠤᠮᠠᠷᠠᠲᠤ  ᠠᠢᠷᠯᠠᠨᠳ᠋ ᠤᠨ ᠨᠢᠭᠡᠳᠦᠭᠰᠡᠨ ᠬᠠᠭᠠᠨᠲᠤ ᠤᠯᠤᠰ ᠠᠴᠠ ᠮᠣᠩᠭᠤᠯ ᠤᠯᠤᠰ ᠲᠤ ᠰᠠᠭᠤᠭ᠎ᠠ ᠡᠯᠴᠢᠨ ᠰᠠᠶᠢᠳ ᠹᠢᠯᠢᠫ ᠮᠠᠯᠤᠨ ᠢ ᠤᠯᠢᠮᠫᠢᠺ ᠬᠠᠦ᠋ᠰ ᠲᠤ ᠬᠦᠯᠢᠶᠡᠨ ᠠᠪᠴᠤ ᠠᠭᠤᠯᠵᠠᠨ᠂ ᠬᠤᠶᠠᠷ ᠣᠷᠣᠨ ᠤ ᠰᠫᠣᠷᠲ ᠤᠨ ᠬᠥᠭᠵᠢᠯ᠂ ᠬᠠᠮᠲᠤ ᠶᠢᠨ ᠠᠵᠢᠯᠯᠠᠭᠠᠨ ᠤ ᠲᠠᠯ᠎ᠠ ᠪᠠᠷ ᠰᠠᠨᠠᠯ ᠰᠣᠯᠢᠯᠴᠠᠯ᠎ᠠ᠃

ᠠᠭᠤᠯᠵᠠᠯᠲᠠ ᠶᠢᠨ ᠦᠶ᠎ᠡ ᠪᠠᠷ ᠮᠣᠩᠭᠤᠯ ᠤᠯᠤᠰ ᠲᠤ ᠰᠢᠨ᠎ᠡ ᠲᠤᠲᠤᠮ ᠬᠥᠭᠵᠢᠵᠦ ᠪᠤᠶ ᠰᠫᠣᠷᠲ ᠤᠨ ᠲᠥᠷᠥᠯ ᠤᠳ ᠲᠤ ᠳᠡᠮᠵᠢᠯᠭᠡ ᠦᠵᠡᠭᠦᠯᠬᠦ᠂ ᠺᠶᠤᠷᠯᠢᠨ᠂ ᠮᠤᠷᠢᠨ ᠰᠫᠣᠷᠲ ᠵᠡᠷᠭᠡ ᠤᠯᠢᠮᠫᠢᠺ ᠤᠨ ᠲᠥᠷᠥᠯ ᠢ ᠳᠡᠮᠵᠢᠵᠦ᠂ ᠶᠡᠭᠡ ᠪᠷᠢᠲ᠋ᠠᠨ ᠤ ᠤᠮᠠᠷᠠᠲᠤ  ᠠᠢᠷᠯᠠᠨᠳ᠋ ᠤᠨ ᠨᠢᠭᠡᠳᠦᠭᠰᠡᠨ ᠬᠠᠭᠠᠨᠲᠤ ᠤᠯᠤᠰ  ᠤᠨ ᠦᠨᠳᠦᠰᠦᠨ ᠦ ᠤᠯᠢᠮᠫᠢᠺ ᠤᠨ ᠬᠤᠷᠢᠶ᠎ᠠ ᠲᠠᠢ ᠬᠠᠮᠲᠤᠷᠠᠨ ᠠᠵᠢᠯᠯᠠᠬᠤ ᠲᠠᠯ᠎ᠠ ᠪᠠᠷ ᠬᠡᠯᠡᠯᠴᠡᠪᠡ᠃ ᠮᠤᠷᠢᠨ ᠰᠫᠣᠷᠲ ᠤᠨ ᠲᠥᠷᠥᠯ ᠨᠢ ᠠᠩᠭ᠍ᠯᠢ ᠤᠯᠤᠰ ᠲᠤ ᠦᠡᠳᠦᠷ ᠬᠥᠭᠵᠢᠭᠰᠡᠨ ᠰᠫᠣᠷᠲ ᠤᠨ ᠨᠢᠭᠡ ᠪᠥᠭᠡᠳ ︽ᠲᠤᠤᠺᠢᠣ᠋ 2020︾ᠤᠯᠢᠮᠫᠢᠺ  ᠤᠨ ᠨᠠᠭᠠᠳᠤᠮ ᠤᠨ ᠮᠤᠷᠢᠨ ᠰᠫᠣᠷᠲ ᠤᠨ ᠪᠠᠭ ᠤᠨ ᠲᠥᠷᠥᠯ ᠳᠤ ᠠᠩᠭ᠍ᠯᠢ ᠶᠢᠨ ᠪᠠᠭ ᠠᠯᠲᠠᠨ ᠮᠧᠳᠠᠯ ᠬᠦᠷᠲᠡᠵᠦ ᠪᠠᠶᠢᠪᠠ᠃

ᠰᠡᠳᠬᠢᠭᠳᠡᠯ ᠦᠯᠡᠳᠡᠭᠡᠬᠦ