ᠳᠣᠯᠣᠳᠤᠭᠠᠷ ᠰᠠᠷ᠎ᠠ ᠳᠤ 1.7 ᠲᠤᠨ ᠦᠨᠡᠲᠦ ᠮᠧᠲ᠋ᠠᠯ ᠬᠤᠳᠠᠯᠳᠤᠨ ᠠᠪᠤᠯ᠎ᠠ | News.MN

ᠳᠣᠯᠣᠳᠤᠭᠠᠷ ᠰᠠᠷ᠎ᠠ ᠳᠤ 1.7 ᠲᠤᠨ ᠦᠨᠡᠲᠦ ᠮᠧᠲ᠋ᠠᠯ ᠬᠤᠳᠠᠯᠳᠤᠨ ᠠᠪᠤᠯ᠎ᠠ

ᠮᠣᠩᠭᠤᠯ ᠪᠠᠩᠬᠢ ᠡᠨᠡ ᠣᠨ ᠤ 7 ᠳ᠋ᠤᠭᠠᠷ ᠰᠠᠷ᠎ᠠ ᠳᠤ 1759.6 ᠺᠢᠯᠣᠭ᠍ᠷᠠᠮ ᠦᠨᠡᠲᠦ ᠮᠧᠲ᠋ᠠᠯ ᠬᠤᠳᠠᠯᠳᠤᠨ ᠠᠪᠴᠤ᠂ ᠣᠨ ᠤ ᠡᠬᠢᠨ ᠠᠴᠠ ᠥᠰᠦᠭᠰᠡᠨ ᠳ᠋ᠦᠩ ᠢᠶᠠᠷ 9.7 ᠲᠣᠨ ᠦᠨᠡᠲᠦ ᠮᠧᠲ᠋ᠠᠯ ᠬᠤᠳᠠᠯᠳᠤᠨ ᠠᠪᠤᠭᠠᠳ ᠪᠠᠶᠢᠨ᠎ᠡ᠃ ᠡᠨᠡ ᠨᠢ ᠡᠮᠦᠨᠡᠬᠢ ᠣᠨ ᠤ ᠮᠦᠠ ᠦᠶ᠎ᠡ ᠶᠢᠨ ᠬᠢ ᠲᠠᠢ ᠬᠠᠷᠢᠴᠠᠭᠤᠯᠪᠠᠯ 12 ᠬᠤᠪᠢ ᠪᠠᠷ ᠪᠠᠭᠠᠰᠤᠭᠰᠠᠨ ᠦᠵᠡᠭᠦᠯᠦᠯᠲᠡ ᠪᠣᠯᠬᠤ ᠶᠢ ᠲᠥᠪ ᠪᠠᠩᠬᠢ  ᠮᠡᠳᠡᠭᠡᠯᠡᠯ᠎ᠡ᠃
ᠣᠨ ᠤ ᠡᠬᠢᠨ ᠠᠴᠠ ᠥᠰᠦᠭᠰᠡᠨ ᠳ᠋ᠦᠩ ᠢᠶᠠᠷ ᠳᠠᠷᠬᠠᠨ ᠠᠭᠤᠯᠠ ᠠᠶᠢᠮᠠᠭ ᠲᠡᠬᠢ ᠮᠣᠩᠭᠤᠯ ᠪᠠᠩᠬᠢᠨ ᠤ ᠬᠡᠯᠲᠡᠰ 778.5 ᠺᠢᠯᠣᠭ᠍ᠷᠠᠮ᠂ ᠪᠠᠶᠠᠩᠬᠤᠩᠭᠤᠷ ᠠᠶᠢᠮᠠᠭ ᠲᠡᠬᠢ ᠮᠣᠩᠭᠤᠯ ᠪᠠᠩᠬᠢᠨ ᠤ ᠬᠡᠯᠲᠡᠰ 650 ᠺᠢᠯᠣᠭ᠍ᠷᠠᠮ ᠦᠨᠡᠲᠦ ᠮᠧᠲ᠋ᠠᠯ ᠲᠤᠰ ᠲᠤᠰ ᠬᠤᠳᠠᠯᠳᠤᠨ ᠠᠪᠤᠭᠰᠠᠨ ᠪᠠᠶᠢᠨ᠎ᠡ᠃ ᠮᠣᠩᠭᠤᠯ ᠪᠠᠩᠬᠢᠨ ᠤ ᠦᠨᠡᠲᠦ ᠮᠧᠲ᠋ᠠᠯ ᠬᠤᠳᠠᠯᠳᠤᠨ ᠠᠪᠬᠤ ᠦᠨ᠎ᠡ ᠶᠢ ᠳᠡᠯᠡᠬᠡᠢ ᠶᠢᠨ ᠵᠠᠬ᠎ᠠ ᠵᠡᠭᠡᠯᠢ ᠳᠡᠭᠡᠷᠡᠬᠢ ᠦᠨ᠎ᠡ ᠪᠠᠷ ᠲᠣᠭᠲᠠᠭᠠᠳᠠᠭ᠃ ᠡᠨᠡ ᠣᠨ ᠤ 7 ᠳ᠋ᠤᠭᠠᠷ ᠰᠠᠷ᠎ᠠ ᠳᠤ ᠳᠤᠮᠳᠠᠴᠢ ᠦᠨ᠎ᠡ 185224.93 ᠲᠥᠭᠦᠷᠢᠭ ᠪᠠᠶᠢᠪᠠ᠃

ᠰᠡᠳᠬᠢᠭᠳᠡᠯ ᠦᠯᠡᠳᠡᠭᠡᠬᠦ

1 ᠰᠡᠳᠬᠢᠭᠳᠡᠯ

Avatar

Зочин 2022-08-16 202.72.245.125

босоо бичгийг босоогоор нь оруулаач