ᠭᠠᠵᠠᠷ ᠤᠨ ᠲᠣᠰᠤᠨ ᠤ ᠪᠦᠲᠦᠭᠡᠭᠳᠡᠬᠦᠨ ᠤ ᠲᠠᠯ᠎ᠠ ᠪᠠᠷ ᠰᠣᠯᠤᠩᠭᠤᠰ ᠲᠠᠢ ᠬᠠᠮᠲᠤᠷᠠᠨ᠎ᠠ | News.MN

ᠭᠠᠵᠠᠷ ᠤᠨ ᠲᠣᠰᠤᠨ ᠤ ᠪᠦᠲᠦᠭᠡᠭᠳᠡᠬᠦᠨ ᠤ ᠲᠠᠯ᠎ᠠ ᠪᠠᠷ ᠰᠣᠯᠤᠩᠭᠤᠰ ᠲᠠᠢ ᠬᠠᠮᠲᠤᠷᠠᠨ᠎ᠠ

ᠮᠣᠩᠭᠤᠯ ᠤᠯᠤᠰ ᠤᠨ  ᠠᠭᠤᠯᠠ ᠠᠭᠤᠷᠬᠠᠢ᠂ ᠬᠦᠨᠳᠦ  ᠦᠢᠯᠡᠳᠪᠦᠷᠢ ᠶᠢᠨ ᠶᠠᠮᠤᠨ ᠪᠤᠯᠦᠠ  ᠪᠦᠬᠦᠳᠠ ᠨᠠᠶᠢᠷᠠᠮᠳᠠᠬᠤ ᠰᠣᠯᠤᠩᠭᠤᠰ ᠤᠯᠤᠰ  ᠤᠨ ᠭᠠᠵᠠᠷ ᠤᠨ ᠲᠣᠰᠤᠨ ᠤ ᠴᠢᠨᠠᠷ᠂ ᠬᠠᠩᠭᠠᠮᠵᠢ ᠶᠢᠨ ᠭᠠᠵᠠᠷ︵ К-Петро︶ ᠨᠠᠢᠮᠠᠳᠤᠭᠠᠷ ᠰᠠᠷ᠎ᠠ ᠶᠢᠨ 10  ᠳᠦ ᠲᠧᠭᠨᠢᠭ ᠤᠨ ᠬᠠᠮᠲᠤ ᠶᠢᠨ ᠠᠵᠢᠯᠯᠠᠭᠠᠨ ᠤ ᠲᠤᠬᠠᠶ ᠬᠠᠷᠢᠯᠴᠠᠨ ᠣᠶᠢᠯᠠᠭᠠᠯᠴᠠᠯ ᠤᠨ ᠰᠠᠨᠠᠮᠵᠢ ᠪᠢᠴᠢᠭ ᠲᠦ ᠭᠠᠷ ᠤᠨ ᠦᠰᠦᠭ ᠵᠢᠷᠤᠵᠤ ᠪᠢᠯᠡ᠃
ᠠᠰᠢᠭᠲᠤ ᠮᠠᠯᠲᠠᠮᠠᠯ ᠤᠨ ᠭᠠᠵᠠᠷ ᠪᠤᠯᠦᠠ  ᠺᠠ᠊ ᠫᠧᠲᠷᠤ᠋  2017 ᠣᠨ ᠳᠤ ᠬᠠᠮᠲᠤᠷᠠᠨ ᠠᠵᠢᠯᠯᠠᠵᠤ ᠡᠬᠢᠯᠡᠭᠰᠡᠨ ᠠᠴᠠ ᠬᠤᠶᠢᠰᠢ ᠠᠭᠤᠯᠠ ᠠᠭᠤᠷᠬᠠᠢ᠂ ᠭᠠᠵᠠᠷ ᠤᠨ ᠲᠣᠰᠤᠨ ᠤ ᠲᠥᠪ ᠯᠠᠪᠣᠷᠠᠲ᠋ᠣᠷᠢ ᠶᠢᠨ ᠬᠦᠴᠦᠨ ᠴᠢᠳᠡᠯ᠂ ᠴᠢᠳᠠᠪᠬᠢ ᠶᠢ ᠪᠠᠬᠢᠵᠢᠭᠦᠯᠬᠦ᠂ ᠲᠣᠨᠤᠭ ᠲᠥᠬᠦᠭᠡᠷᠦᠮᠵᠢ ᠳᠤ ᠵᠠᠰᠠᠪᠤᠷᠢ ᠦᠢᠯᠡᠴᠢᠯᠡᠭᠡ ᠬᠢᠬᠦ᠂ ᠲᠤᠷᠰᠢᠯᠭ᠎ᠠ ᠰᠣᠯᠢᠯᠴᠠᠬᠤ᠂ ᠰᠤᠷᠭᠠᠯᠲᠠ᠂ ᠰᠧᠮᠢᠨᠠᠷ ᠵᠣᠬᠢᠶᠠᠨ ᠪᠠᠶᠢᠭᠤᠯᠬᠤ ᠠᠵᠢᠯ ᠤᠳ ᠢ ᠠᠮᠵᠢᠯᠲᠠᠲᠠᠶ ᠭᠦᠢᠴᠡᠭᠡᠵᠡᠢ᠃

ᠠᠷᠪᠠᠨ ᠳᠤ ᠪᠠᠶᠢᠭᠤᠯᠤᠭᠰᠠᠨ ᠰᠠᠨᠠᠮᠵᠢ ᠪᠢᠴᠢᠭ ᠤᠨ ᠬᠦᠷᠢᠶᠡᠨ ᠳᠤ ᠭᠠᠵᠠᠷ ᠤᠨ ᠲᠣᠰᠤᠨ ᠤ ᠪᠦᠲᠦᠭᠡᠭᠳᠡᠬᠦᠨ ᠤ ᠴᠢᠨᠠᠷ ᠂ ᠰᠲ᠋ᠡᠨᠳᠡᠷᠲ᠂ ᠬᠢᠨᠠᠯᠲᠠ ᠶᠢᠨ ᠲᠣᠭᠲᠠᠯᠴᠠᠭ᠎ᠠ ᠶᠢ ᠰᠠᠶᠢᠵᠢᠷᠠᠭᠤᠯᠬᠤ ᠳᠤ ᠰᠤᠯᠤᠩᠭᠤᠰ ᠤᠨ ᠲᠠᠯ᠎ᠠ ᠳᠡᠮᠵᠢᠯᠭᠡ ᠦᠵᠡᠭᠦᠯᠬᠦ᠂ ᠲᠤᠷᠰᠢᠯᠭ᠎ᠠ ᠰᠣᠯᠢᠯᠴᠠᠬᠤ᠂ ᠮᠡᠳᠡᠭᠡᠯᠡᠯ ᠤᠨ ᠰᠠᠩ ᠢ ᠪᠦᠷᠢᠳᠦᠭᠦᠯᠬᠦ ᠳᠤ  ᠲᠧᠻᠨᠣᠯᠣᠭᠢ ᠶᠢᠨ ᠴᠢᠭᠯᠡᠯ ᠢᠶᠠᠷ ᠬᠠᠮᠲᠤᠷᠠᠨ ᠠᠵᠢᠯᠯᠠᠬᠤ᠂ ᠬᠠᠮᠲᠤᠷᠠᠭᠰᠠᠨ ᠰᠤᠳᠤᠯᠭ᠎ᠠ ᠬᠢᠬᠦ᠂ ᠲᠧᠭᠨᠢᠭ ᠤᠨ ᠵᠥᠪᠯᠡᠯᠭᠡ ᠦᠭᠬᠦ᠂ ᠰᠤᠷᠭᠠᠯᠲᠠ ᠰᠧᠮᠢᠨᠠᠷ ᠵᠣᠬᠢᠶᠠᠨ ᠪᠠᠶᠢᠭᠤᠯᠬᠤ᠂  ᠪᠦᠬᠦᠳᠠ ᠨᠠᠶᠢᠷᠠᠮᠳᠠᠬᠤ ᠰᠣᠯᠤᠩᠭᠤᠰ ᠤᠯᠤᠰ  ᠤᠨ ᠭᠠᠵᠠᠷ ᠤᠨ ᠲᠣᠰᠤ ᠪᠣᠯᠪᠠᠰᠤᠷᠠᠭᠤᠯᠬᠤ᠂ ᠭᠠᠵᠠᠷ ᠤᠨ ᠲᠣᠰᠤ ᠬᠢᠮᠢ ᠶᠢᠨ ᠦᠢᠯᠡᠳᠪᠦᠷᠢᠯᠡᠯ ᠲᠠᠢ ᠬᠤᠯᠪᠣᠭ᠎ᠠ ᠲᠠᠢ ᠲᠧᠭᠨᠢᠭ᠂ ᠲᠧᠭᠨᠣᠯᠣᠭᠢ ᠶᠢᠨ ᠮᠡᠳᠡᠭᠡᠯᠡᠯ ᠰᠣᠯᠢᠯᠴᠠᠬᠤ ᠵᠡᠷᠭᠡ ᠴᠢᠭᠯᠡᠯ ᠢᠶᠠᠷ ᠬᠠᠮᠲᠤᠷᠠᠨ ᠠᠵᠢᠯᠯᠠᠬᠤ ᠶᠤᠮ᠃

ᠰᠡᠳᠬᠢᠭᠳᠡᠯ ᠦᠯᠡᠳᠡᠭᠡᠬᠦ