ᠰᠢᠨ᠎ᠡ ᠬᠤᠳᠠ ᠴᠤᠭᠴᠠᠯᠠᠬᠤ ᠪᠦᠲᠦᠭᠡᠨ ᠪᠠᠶᠢᠭᠤᠯᠤᠯᠲᠠ ᠡᠬᠢᠯᠡᠯ᠎ᠡ | News.MN

ᠰᠢᠨ᠎ᠡ ᠬᠤᠳᠠ ᠴᠤᠭᠴᠠᠯᠠᠬᠤ ᠪᠦᠲᠦᠭᠡᠨ ᠪᠠᠶᠢᠭᠤᠯᠤᠯᠲᠠ ᠡᠬᠢᠯᠡᠯ᠎ᠡ

ᠥᠨᠥᠳᠥᠷ︽ᠬᠥᠰᠢᠭᠡ ᠶᠢᠨ ᠬᠥᠨᠳᠡᠢ ᠶᠢᠨ ᠰᠢᠨ᠎ᠡ ᠰᠠᠭᠤᠷᠢᠰᠢᠯ ᠤᠨ ᠪᠦᠰᠡ︾ ᠶᠢᠨ ᠢᠨᠵᠧᠨᠧᠷ ᠤᠨ ᠳᠡᠳ᠋ ᠪᠦᠲᠦᠴᠡ ᠶᠢᠨ ᠠᠵᠢᠯ ᠢ ᠡᠬᠢᠯᠡᠭᠦᠯᠵᠦ ᠪᠠᠶᠢᠨ᠎ᠡ᠃ ᠨᠡᠭᠡᠭᠡᠯᠲᠡ ᠳᠤ ᠮᠣᠩᠭᠤᠯ ᠤᠯᠤᠰ ᠤᠨ ᠶᠡᠷᠦᠩᠬᠡᠶ ᠰᠠᠶᠢᠳ ᠯ᠊ ·ᠤᠶᠤᠡᠡᠷᠳᠡᠨᠢ ᠤᠷᠤᠯᠴᠠᠵᠤ ᠦᠭᠡ ᠬᠡᠯᠡᠪᠡ᠃
ᠲᠡᠷᠡ᠄ ᠮᠣᠩᠭᠤᠯ  ᠤᠯᠤᠰ ᠥᠨᠥᠳᠥᠷ ᠬᠥᠰᠢᠭᠡ ᠶᠢᠨ ᠬᠥᠨᠳᠡᠢ ᠳᠤ ᠰᠢᠨ᠎ᠡ ᠬᠤᠳᠠ ᠪᠠᠶᠢᠭᠤᠯᠵᠤ᠂ ᠡᠳ᠋ ᠤᠨ ᠵᠠᠰᠠᠭ ᠤᠨ ᠲᠥᠷᠥᠯᠵᠢᠭᠰᠡᠨ ᠪᠦᠰᠡ ᠪᠠᠶᠢᠭᠤᠯᠬᠤ ᠶᠡᠭᠡ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ ᠪᠠᠶᠢᠭ᠎ᠠ ᠪᠠᠨ ᠣᠯᠠᠨ ᠤᠯᠤᠰ ᠲᠤ ᠵᠠᠷᠯᠠᠵᠤ ᠪᠠᠶᠢᠨ᠎ᠡ᠃ ᠴᠢᠨᠠᠭᠰᠢᠳᠠ ᠳᠠᠷᠬᠠᠨ  ᠠᠭᠤᠯᠠ᠂ ᠣᠷᠬᠤᠨ᠂ ᠡᠮᠦᠨ᠎ᠡ ᠭᠤᠪᠢ᠂ ᠥᠪᠦᠷᠬᠠᠩᠭᠠᠢ ᠠᠶᠢᠮᠠᠭ᠂ ᠨᠡᠶᠢᠰᠯᠡᠯ ᠤᠨ ᠵᠠᠬ᠎ᠠ ᠶᠢᠨ ᠳᠡᠭᠦᠷᠭᠡ ᠪᠣᠯᠬᠤ ᠪᠠᠭ᠎ᠠ ᠨᠠᠭᠤᠷ᠂ ᠨᠠᠯᠠᠶᠢᠬᠤ ᠶᠢ ᠲᠦᠰᠢᠭᠯᠡᠭᠰᠡᠨ ᠰᠢᠨ᠎ᠡ ᠰᠠᠭᠤᠷᠢᠰᠢᠯ ᠤᠨ ᠪᠦᠰᠡ ᠨᠦᠭᠦᠳ ᠢ ᠵᠠᠰᠠᠭ ᠤᠨ ᠭᠠᠵᠠᠷ ᠪᠣᠳᠣᠯᠭ᠎ᠠ ᠪᠠᠷ ᠳᠡᠮᠵᠢᠨ ᠳᠡᠳ᠋ ᠪᠦᠲᠦᠴᠡ ᠶᠢᠨ ᠠᠰᠠᠭᠤᠳᠠᠯ ᠢ ᠰᠢᠢᠳᠪᠦᠷᠢᠯᠡᠵᠦ᠂ ᠬᠤᠪᠢ ᠶᠢᠨ ᠬᠡᠪᠰᠢᠯ ᠪᠤᠯᠦᠠ ᠣᠯᠠᠨ ᠤᠯᠤᠰ ᠤᠨ ᠬᠥᠷᠥᠩᠭᠡ ᠣᠷᠤᠭᠤᠯᠤᠯᠲᠠ ᠶᠢ ᠲᠠᠲᠠᠬᠤ ᠡᠷᠭᠡ ᠵᠦᠢ ᠶᠢᠨ ᠣᠷᠴᠢᠨ ᠢ ᠪᠦᠷᠢᠳᠦᠭᠦᠯᠦᠨ᠎ᠡ᠃ ᠬᠥᠰᠢᠭᠡ ᠶᠢᠨ ᠬᠥᠨᠳᠡᠢ ᠶᠢᠨ  ᠡᠨᠡ ᠬᠦ ᠪᠦᠲᠦᠭᠡᠨ ᠪᠠᠶᠢᠭᠤᠯᠤᠯᠲᠠ ᠵᠥᠪᠬᠡᠨ ᠰᠢᠨ᠎ᠡ ᠰᠠᠭᠤᠷᠢᠰᠢᠯ ᠤᠨ ᠪᠦᠰᠡ ᠲᠡᠳᠦᠢ ᠦᠭᠡᠢ ᠡᠳ᠋ ᠤᠨ ᠵᠠᠰᠠᠭ ᠤᠨ ᠲᠤᠰᠬᠠᠶ ᠪᠦᠰᠡ᠂ ᠲᠡᠭᠡᠭᠡᠪᠦᠷᠢ ᠯᠤᠭᠢᠰᠲ᠋ᠢᠺ ᠤᠨ ᠪᠡᠶ᠎ᠠ ᠳᠠᠭᠠᠭᠠᠭᠰᠠᠨ ᠵᠡᠩᠬᠢᠯᠠᠭ᠎ᠠ ᠬᠤᠳᠠ ᠪᠤᠯᠦᠠ ᠬᠥᠭᠵᠢᠬᠦ ᠪᠦᠷᠢᠠ ᠪᠣᠯᠣᠮᠵᠢ ᠲᠠᠢ ᠭᠡᠪᠡ᠃
ᠰᠢᠨ᠎ᠡ ᠰᠠᠭᠤᠷᠢᠰᠢᠯ ᠤᠨ ᠪᠦᠰᠡ ᠶᠢᠨ ᠳᠡᠳ᠋ ᠪᠦᠲᠦᠴᠡ ᠶᠢᠨ ᠪᠦᠲᠦᠭᠡᠨ ᠪᠠᠶᠢᠭᠤᠯᠤᠯᠲᠠ ᠨᠢ ᠤᠰᠤᠨ ᠪᠤᠯᠦᠠ ᠴᠠᠬᠢᠯᠭᠠᠨ  ᠬᠠᠩᠭᠠᠮᠵᠢ ᠶᠢᠨ ᠡᠬᠢ ᠡᠭᠦᠰᠪᠦᠷᠢ ᠶᠢᠨ ᠪᠠᠷᠢᠯᠭ᠎ᠠ ᠤᠭᠰᠠᠷᠠᠯᠲᠠ ᠶᠢᠨ ᠠᠵᠢᠯ ᠢᠶᠠᠷ ᠡᠬᠢᠯᠡᠵᠦ ᠪᠠᠶᠢᠨ᠎ᠡ᠃ ᠡᠨᠡ ᠦᠶ᠎ᠡ ᠪᠠᠷ ᠪᠠᠷᠢᠯᠭ᠎ᠠ ᠬᠤᠳᠠ ᠪᠠᠶᠢᠭᠤᠯᠤᠯᠲᠠ ᠶᠢᠨ ᠰᠠᠶᠢᠳ ᠪ ∙ ᠮᠥᠩᠬᠡᠪᠠᠭᠠᠲᠤᠷ᠄ ᠰᠢᠨ᠎ᠡ ᠰᠠᠭᠤᠷᠢᠰᠢᠯ ᠤᠨ ᠪᠦᠰᠡ ᠶᠢᠨ ᠲᠥᠯᠥᠪᠯᠡᠯᠲᠡ ᠶᠢᠨ ᠠᠵᠢᠯ ᠤᠨ ᠵᠢᠷᠤᠭ ᠢ ᠡᠴᠦᠰᠯᠡᠨ ᠪᠠᠲᠤᠯᠠᠵᠤ᠂ ᠲᠧᠭᠨᠢᠭ ᠤᠨ ᠰᠢᠢᠳᠦᠯ᠂ ᠲᠥᠰᠥᠪ ᠬᠥᠷᠥᠩᠭᠡ ᠣᠷᠤᠭᠤᠯᠤᠯᠲᠠ ᠶᠢ ᠭᠠᠷᠭᠠᠭᠰᠠᠨ᠃ ᠠᠵᠢᠯ ᠤᠨ ᠵᠢᠷᠤᠭ ᠭᠠᠷᠤᠭᠰᠠᠨ ᠲᠠᠢ ᠬᠤᠯᠪᠣᠭ᠎ᠠ ᠲᠠᠢ ᠡᠨᠡ ᠵᠢᠯ 30 ᠭᠠᠷᠦᠢ ᠲᠡᠷᠪᠤᠮ ᠲᠥᠭᠦᠷᠢᠭ ᠢ ᠤᠯᠤᠰ ᠤᠨ ᠲᠥᠰᠦᠪ ᠲᠤ ᠲᠤᠰᠬᠠᠭᠰᠠᠨ᠃ ᠡᠨᠡ ᠳᠠᠭᠠᠤ ᠣᠩᠭᠤᠴᠠᠨ ᠤ ᠪᠠᠭᠤᠳᠠᠯ ᠤᠨ ᠤᠷᠲᠤ ᠪᠠᠶᠢᠭ᠎ᠠ ᠲᠠᠪᠤᠨ ᠤᠰᠤᠨ ᠬᠤᠳᠳᠤᠭ ᠠᠴᠠ ᠢᠨᠵᠧᠨᠧᠷ ᠤᠨ ᠱᠤᠭᠤᠮ ᠰᠦᠯᠵᠢᠶ᠎ᠠ ᠬᠢᠬᠦ ᠠᠵᠢᠯ ᠢ ᠡᠬᠢᠯᠡᠭᠦᠯᠵᠦ ᠪᠠᠶᠢᠨ᠎ᠡ᠃ ᠮᠦᠠ 35  ᠺᠢᠯᠤᠸᠠᠲ  ᠤᠨ ᠴᠠᠬᠢᠯᠭᠠᠨ ᠤ ᠱᠤᠭᠤᠮ ᠲᠠᠲᠠᠬᠤ ᠠᠵᠢᠯ ᠥᠨᠥᠳᠥᠷ ᠡᠬᠢᠯᠡᠵᠦ ᠪᠠᠶᠢᠨ᠎ᠡ ᠭᠡᠯ᠎ᠡ᠃

ᠰᠡᠳᠬᠢᠭᠳᠡᠯ ᠦᠯᠡᠳᠡᠭᠡᠬᠦ